ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 16 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠬᠤ᠋ ᠬᠤᠤ︶ ᠰᠤᠷᠭᠠᠨ ᠬᠥᠮᠦᠵᠢᠯ ᠤᠨ ᠶᠠᠮᠤᠨ 16 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ | ᠲᠠᠨᠢᠯᠴᠠᠭᠤᠯᠬᠤ ᠳᠠᠭᠠᠨ᠂ ᠰᠤᠷᠭᠠᠨ ᠬᠥᠮᠦᠵᠢᠯ ᠤᠨ ᠶᠠᠮᠤᠨ᠂ ᠲᠦᠪ ᠤᠨ ᠵᠤᠬᠢᠶᠠᠨ ᠪᠠᠶᠢᠭᠤᠯᠬᠤ ᠬᠡᠯᠳᠡᠰ᠂ ᠲᠦᠪ ᠤᠨ | ᠤᠬᠠᠭᠤᠯᠬᠤ ᠬᠡᠯᠳᠡᠰ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠣᠶᠣᠯ ᠵᠢᠭᠤᠯᠴᠢᠯᠠᠯ ᠤᠨ | ᠶᠠᠮᠤᠨ ᠵᠡᠷᠭᠡ ᠶᠢᠨ ᠬᠢᠨ ᠦᠢᠷ᠎ᠡ ᠳᠤ ᠬᠠᠮᠲᠤᠷᠠᠨ ︽ᠰᠢᠨ᠎ᠡ ᠴᠠᠭ ᠦᠶ᠎ᠡ ᠶᠢᠨ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠃ | ᠡᠨᠡᠬᠦ ᠰᠠᠨᠠᠯ ᠨᠢ 2018 ᠣᠨ ᠳᠤ ᠨᠡᠶᠢᠲᠡᠯᠡᠭᠰᠡᠨ ᠶᠡᠭᠡ ᠲᠡᠭᠡᠲᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠠᠵᠢᠯᠯᠠᠭ᠎ᠠ ᠶᠢᠨ ᠠᠷᠪᠠᠨ ᠵᠤᠷᠪᠤᠰ ᠪᠠᠷᠢᠮᠵᠢᠶ᠎ᠠ ᠲᠠᠢ | ᠨᠡᠶᠢᠯᠡᠭᠡᠳ᠂ ᠰᠢᠨ᠎ᠡ ᠴᠠᠭ ᠦᠶ᠎ᠡ ᠶᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠪᠦᠷᠢᠨ | ᠲᠡᠭᠦᠯᠳᠡᠷ ᠳᠦᠷᠢᠮ ᠤᠨ ᠰᠢᠰᠲ᠋ᠧᠮ ᠢ ᠪᠣᠶ ᠪᠣᠯᠭᠠᠵᠠᠢ ᠬᠡᠪᠡ᠃ | ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠲᠠᠷᠤᠭ᠎ᠠ ᠷᠧᠨ ᠶᠢᠦ ᠴᠢᠶᠦ᠋ᠨ | ᠢᠯᠡᠷᠭᠡᠶᠢᠯᠡᠭᠦ ᠳᠡᠭᠡᠨ᠂ ᠶᠤᠰᠤ ᠮᠤᠷᠠᠯ ᠢᠶᠠᠷ ᠬᠦᠮᠦᠨ ᠢ ᠬᠦᠮᠦᠵᠢᠭᠦᠯᠦᠭᠰᠡᠨ ᠦᠷ᠎ᠡ ᠪᠦᠲᠦᠮᠵᠢ ᠶᠢ ᠰᠤᠷᠭᠠᠭᠤᠯᠢ ᠶᠢᠨ | ᠠᠯᠢᠪᠠ ᠠᠵᠢᠯ ᠢ ᠰᠢᠯᠭᠠᠬᠤ ᠦᠨᠳᠦᠰᠦᠨ ᠪᠠᠷᠢᠮᠵᠢᠶ᠎ᠠ ᠪᠣᠯᠭᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ | ᠪᠠᠭᠰᠢ ᠶᠢᠨ ᠡᠩᠨᠡᠭᠡ ᠶᠢᠨ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭᠠᠨ᠎ᠠ᠃ ᠰᠢᠨ᠎ᠡ ᠪᠠᠶᠢᠳᠠᠯ ᠳᠣᠤᠷᠠᠬᠢ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠰᠢᠨ᠎ᠡ ᠠᠰᠠᠭᠤᠳᠠᠯ ᠳᠤ | ᠴᠢᠭᠯᠡᠭᠦᠯᠦᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠲᠤᠰᠬᠠᠶ ᠵᠠᠰᠠᠯᠲᠠ ᠬᠢᠵᠦ᠂ | ᠪᠠᠭᠰᠢ ᠶᠢᠨ ᠮᠤᠷᠠᠯ ᠤᠨ ᠲᠠᠯ᠎ᠠ ᠪᠠᠷ ᠬᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠰᠤᠶᠤᠭᠠᠯᠠᠵᠤ | ᠪᠠᠶᠢᠬᠤ ᠳᠤᠨᠢ ᠠᠷᠢᠯᠭᠠᠬᠤ ᠬᠡᠷᠡᠭᠲᠡᠢ᠃ ᠣᠨᠴᠠ ᠵᠠᠷᠢᠮ ᠪᠠᠭᠰᠢ ᠶᠢᠨ ᠮᠦᠨ ᠯᠡ ᠡᠰᠡᠷᠭᠦᠴᠡᠯᠳᠦᠨ ᠰᠠᠬᠢᠯᠭ᠎ᠠ ᠪᠠᠲᠤ ᠶᠢ | ᠵᠥᠷᠢᠴᠡᠭᠰᠡᠨ ᠪᠣᠳᠠᠲᠤ ᠪᠠᠶᠢᠳᠠᠯ ᠳᠤ ᠵᠦᠪ ᠢᠶᠠᠷ ᠬᠠᠨᠳᠤᠵᠤ᠂ ᠴᠢᠩᠭ᠎ᠠ ᠬᠢᠨᠠᠯᠲᠠ ᠲᠠᠯᠪᠢᠵᠤ ᠬᠢᠨᠠᠨ ᠰᠢᠯᠭᠠᠬᠤ ᠪᠠᠷ | ᠳᠠᠮᠵᠢᠭᠤᠯᠤᠨ ᠬᠢᠵᠠᠭᠠᠷᠯᠠᠵᠤ᠂ ᠲᠥᠪ ᠴᠢᠩᠭ᠎ᠠ ᠰᠢᠢᠳᠪᠦᠷᠢᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠷᠡᠰ ᠵᠠᠯᠬᠠᠭᠠᠨ | ᠰᠢᠳᠬᠡᠵᠦ᠂ ᠳᠦᠷᠢᠮ ᠠᠴᠠ ᠵᠥᠷᠢᠴᠡᠭᠰᠡᠳ ᠢᠶᠠᠷ ᠦᠨ᠎ᠡ ᠲᠥᠯᠥᠪᠦᠷᠢ ᠭᠠᠷᠭᠠᠯᠭᠠᠵᠤ᠂ ᠬᠦᠨᠳᠦ ᠨᠣᠴᠢᠲᠠᠶ | ᠵᠦᠷᠢᠴᠡᠭᠰᠡᠳ ᠤᠨ ᠨᠠᠰᠤᠨ ᠲᠤᠷᠰᠢᠳᠠ ᠵᠢᠭᠠᠨ ᠰᠤᠷᠭᠠᠬᠤ ᠶᠢ ᠨᠢ ᠴᠠᠭᠠᠵᠠᠯᠠᠵᠤ᠂ ᠰᠡᠷᠡᠮᠵᠢᠯᠡᠭᠦᠯᠬᠦ ᠪᠠ ᠰᠦᠷᠳᠡᠭᠦᠯᠭᠡ | ᠪᠤᠯᠭᠠᠬᠤ ᠦᠢᠯᠡᠳᠦᠯ ᠢ ᠨᠢ ᠦᠨᠡᠨᠬᠦ ᠪᠠᠳᠠᠷᠠᠭᠤᠯᠬᠤ ᠬᠡᠷᠡᠭᠲᠡᠶ ᠬᠡᠪᠡ᠃ |