ᠭᠠᠩᠰᠠᠷᠠᠬᠤ ᠬᠡᠮ ᠲᠠᠢ ᠡᠪᠡᠳᠴᠢᠲᠡᠨ 3 ᠳ᠋ᠦᠩᠰᠢᠭᠤᠷ ᠠᠴᠠ ᠬᠡᠲᠦᠷᠡᠪᠡ  ᠶᠠᠮᠠᠷ ᠬᠥᠮᠦᠰ ᠭᠠᠩᠰᠠᠷᠠᠬᠤ ᠬᠡᠮ ᠠᠮᠠᠷᠬᠠᠨ ᠤᠯᠳᠠᠭ ᠪᠣᠢ︖
ᠨᠡᠶᠢᠲᠡᠯᠡᠭᠰᠡᠨ ᠴᠠᠭ᠄
2019-12-18
        ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠬᠠᠮᠤᠭ ᠤᠨ ᠰᠢᠨ᠎ᠡ ᠵᠢᠱᠢᠯᠲᠡ ᠶᠢ ᠦᠨᠳᠦᠰᠦᠯᠡᠪᠡᠯ᠂ ᠪᠥᠬᠦ ᠳᠡᠯᠡᠬᠡᠢ ᠳᠤ 3 ᠳ᠋ᠦᠩᠰᠢᠭᠤᠷ ᠭᠠᠷᠤᠶ ᠬᠥᠮᠥᠨ ᠭᠠᠩᠰᠠᠷᠠᠬᠤ ᠬᠡᠮ ᠤᠯᠵᠤ᠂ ᠪᠠᠷᠤᠭ ᠪᠥᠬᠦ ᠳᠡᠯᠡᠬᠡᠶ ᠶᠢᠨ ᠬᠥᠮᠥᠨ ᠠᠮᠠ ᠶᠢᠨ 4.3% ᠶᠢ ᠡᠵᠡᠯᠡᠵᠦ ᠪᠠᠶᠢᠨ᠎ᠠ᠂ ᠡᠭᠦᠨ ᠳᠤ ᠳᠤᠮᠳᠠᠳᠤ ᠤᠯᠤᠰ ᠲᠤ 5400 ᠲᠦᠮᠡᠨ  ᠡᠪᠡᠳᠴᠢᠲᠡᠨ ᠪᠤᠢ᠂ ᠡᠨᠡ ᠨᠢ 100 ᠬᠥᠮᠦᠨ ᠤ ᠳᠣᠲᠣᠷ᠎ᠠ ᠨᠠᠭᠠᠳᠤ ᠵᠠᠬ᠎ᠠ ᠳᠠᠭᠠᠨ ᠭᠠᠩᠰᠠᠷᠠᠬᠤ ᠭᠡᠮ ᠲᠠᠢ ᠬᠦᠮᠦᠨ 3 ᠪᠠᠶᠢᠬᠤ ᠶᠢ ᠬᠠᠷᠠᠭᠤᠯᠵᠤ ᠪᠤᠢ᠃ ᠲᠡᠭᠡᠪᠡᠯ ᠭᠠᠩᠰᠠᠷᠠᠬᠤ ᠬᠡᠮ ᠠᠮᠠᠷᠬᠠᠨ ᠤᠯᠳᠠᠭ ᠬᠦᠮᠦᠰ ᠶᠠᠮᠠᠷ ᠶᠠᠮᠠᠷ ᠣᠨᠴᠠᠯᠢᠭ ᠲᠠᠢ ᠪᠠᠶᠢᠳᠠᠭ ᠪᠣᠢ︖         ᠨᠢᠭᠡᠳᠦᠭᠡᠷ ᠲᠤ᠂ ᠡᠮᠡᠭᠲᠡᠶ ᠬᠥᠮᠦᠨ ᠪᠣᠯ ᠠᠮᠠᠷᠬᠠᠨ ᠭᠠᠩᠰᠠᠷᠠᠬᠤ ᠬᠡᠮ ᠤᠯᠳᠠᠭ ᠬᠥᠮᠦᠰ ᠪᠣᠯᠤᠨ᠎ᠠ᠃ ᠣᠳᠣᠬᠠᠨ ᠳᠤ ᠭᠠᠩᠰᠠᠷᠠᠬᠤ ᠬᠡᠮ ᠤᠯᠵᠤ ᠪᠠᠶᠢᠭ᠎ᠠ ᠡᠮᠡᠭᠳᠡᠢ ᠬᠦᠮᠦᠨ ᠨᠢ ᠡᠷᠡᠭᠲᠡᠶ ᠬᠥᠮᠦᠨ ᠠᠴᠠ ᠣᠯᠠᠨ ᠪᠠᠶᠢᠨ᠎ᠠ᠂ ᠡᠶᠢᠮᠦ ᠠᠴᠠ ᠬᠦᠢᠰᠦ ᠶᠢᠨ ᠢᠯᠭᠠᠯ ᠤᠨ ᠲᠠᠯ᠎ᠠ ᠪᠠᠷ ᠵᠥᠷᠢᠶ᠎ᠡ ᠲᠠᠢ ᠪᠠᠶᠢᠳᠠᠭ᠃         ᠬᠤᠶᠠᠳᠤᠭᠠᠷ ᠲᠤ᠂ ᠭᠡᠷ ᠪᠦᠯᠢ ᠶᠢᠨ ᠤᠳᠤᠮᠯᠠᠯ ᠤᠨ ᠡᠪᠡᠳᠴᠢᠨ ᠲᠠᠢ ᠬᠥᠮᠦᠨ ᠨᠠᠩ ᠠᠮᠠᠷᠬᠠᠨ ᠭᠠᠩᠰᠠᠷᠠᠬᠤ ᠭᠡᠮ ᠤᠯᠳᠠᠭ᠃ ᠶᠠᠭᠠᠬᠢᠭᠠᠳ ᠪᠤᠢ︖ ᠬᠡᠪᠡᠯ ᠤᠳᠤᠮᠯᠠᠯ ᠪᠣᠯ ᠭᠠᠨᠭ᠍ᠰᠠᠷᠠᠬᠤ ᠭᠡᠮ ᠢ ᠡᠭᠦᠰᠭᠡᠬᠦ ᠨᠢᠭᠡᠨ ᠡᠯᠧᠮᠧᠨ᠋ᠲ ᠮᠥᠨ᠂ ᠬᠡᠷᠪᠡ ᠭᠡᠷ ᠪᠦᠯᠢ ᠶᠢᠨ ᠳᠣᠲᠣᠷ᠎ᠠ ᠭᠠᠨᠭ᠍ᠰᠠᠷᠠᠬᠤ ᠭᠡᠮ ᠣᠯᠵᠤ ᠥᠩᠭᠡᠷᠡᠭᠰᠡᠨ ᠬᠥᠮᠦᠨ ᠪᠠᠶᠢᠬᠤ ᠳᠤ ᠬᠦᠷᠪᠡᠯ ᠳᠠᠷᠤᠶ ᠤᠳᠤᠮᠯᠠᠯ ᠤᠨ ᠭᠧᠨ ᠲᠠᠢ ᠪᠣᠯᠵᠤ᠂ ᠭᠠᠨᠭ᠍ᠰᠠᠷᠠᠬᠤ ᠭᠡᠮ ᠣᠯᠬᠤ ᠪᠣᠯᠤᠮᠵᠢ ᠶᠡᠭᠡ ᠪᠠᠶᠢᠳᠠᠭ᠃         ᠭᠤᠷᠪᠠᠳᠤᠭᠠᠷ ᠲᠤ᠂ ᠭᠠᠩᠰᠠᠷᠠᠬᠤ ᠬᠡᠮ ᠤᠯᠤᠬᠰᠠᠨ ᠡᠪᠡᠳᠴᠢᠲᠡᠨ ᠶᠡᠷᠦᠨᠢ ᠬᠡᠲᠦ ᠶᠡᠭᠡ ᠳᠠᠷᠤᠯᠲᠠ ᠲᠠᠢ ᠪᠠᠶᠢᠬᠰᠠᠨ ᠠᠴᠠ ᠪᠤᠯᠵᠠᠢ᠃ ᠠᠵᠢᠯ ᠤᠨ ᠳᠠᠷᠤᠯᠲᠠ᠂ ᠰᠤᠷᠤᠯᠭ᠎ᠠ ᠶᠢᠨ ᠳᠠᠷᠤᠯᠲᠠ᠂ ᠠᠮᠢᠳᠤᠷᠠᠯ ᠤᠨ ᠳᠠᠷᠤᠯᠲᠠ ᠨᠢ ᠬᠠᠮᠢᠭ᠎ᠠ ᠠᠴᠠ ᠢᠷᠡᠭᠰᠡᠨ ᠴᠦ ᠪᠤᠯᠤᠭ᠂ ᠬᠡᠷᠪᠡ ᠳᠠᠷᠤᠯᠲᠠ ᠨᠢ ᠶᠡᠬᠡᠳᠡᠬᠦ ᠳᠤ ᠯᠡ ᠬᠦᠷᠪᠡᠯ ᠳᠠᠷᠤᠶ ᠠᠮᠠᠷᠬᠠᠨ ᠭᠠᠨᠭ᠍ᠰᠠᠷᠠᠬᠤ ᠠᠰᠠᠭᠤᠳᠠᠯ ᠭᠠᠷᠳᠠᠭ᠃         ᠲᠡᠭᠡᠪᠡᠯ᠂ ᠭᠠᠩᠰᠠᠷᠠᠬᠤ ᠬᠡᠮ ᠲᠠᠢ ᠬᠥᠮᠦᠰ ᠨᠢ ᠶᠠᠮᠠᠷ ᠶᠠᠮᠠᠷ ᠵᠠᠩ ᠠᠭᠠᠰᠢ ᠶᠢᠨ ᠣᠨᠴᠠᠯᠢᠭ ᠲᠠᠢ ᠪᠠᠶᠢᠳᠠᠭ ᠪᠣᠢ︖ ᠬᠥᠮᠦᠨ ᠨᠢᠭᠡ ᠪᠦᠷᠢ ᠦᠰᠦᠨ ᠪᠤᠶᠢᠵᠢᠬᠤ  ᠶᠠᠪᠤᠴᠠ ᠳᠠᠭᠠᠨ ᠴᠥᠮ ᠥᠪᠡᠷᠮᠢᠴᠡ ᠵᠠᠩ ᠠᠭᠠᠰᠢ ᠶᠢᠨ ᠣᠨᠴᠠᠯᠢᠭ ᠪᠠ ᠶᠢᠷᠲᠢᠨᠴᠦ ᠶᠢᠨ ᠦᠵᠡᠯᠲᠡ ᠶᠢ ᠪᠦᠷᠢᠯᠳᠦᠭᠦᠯᠳᠡᠭ᠃         ᠥᠪᠡᠷ ᠤᠨ ᠪᠡᠶ᠎ᠡ ᠳᠡᠭᠡᠨ ᠨᠡᠯᠢᠶᠡᠳ ᠨᠠᠵᠠᠭᠠᠢ ᠦᠨᠡᠯᠡᠯᠲᠡ ᠥᠭᠴᠦ᠂ ᠪᠡᠶ᠎ᠡ ᠳᠡᠭᠡᠨ ᠳᠡᠮᠡᠶ ᠢᠲᠡᠭᠡᠯ ᠦᠭᠡᠢ᠂ ᠥᠪᠡᠷ ᠢ ᠪᠠᠨ ᠶᠠᠭᠠᠬᠢᠵᠤ ᠴᠢᠷᠮᠠᠶᠢᠬᠰᠠᠨ ᠴᠤ ᠢᠯᠠᠭᠳᠠᠨ᠎ᠡ ᠭᠡᠵᠦ ᠦᠵᠡᠭᠡᠳ ᠢᠷᠡᠭᠡᠳᠦᠶ ᠳᠡᠭᠡᠨ ᠶᠠᠮᠠᠷ ᠴᠤ ᠬᠦᠰᠡᠯ ᠡᠷᠡᠮᠡᠯᠵᠡᠯ ᠲᠠᠯᠪᠢᠳᠠᠭ ᠦᠭᠡᠢ ᠡᠶᠢᠮᠦ ᠨᠢᠭᠡ ᠪᠦᠯᠦᠭ ᠬᠦᠮᠦᠰ ᠪᠠᠶᠢᠳᠠᠭ᠃ ᠡᠳᠡᠭᠡᠷ ᠬᠦᠮᠦᠰ ᠨᠢ ᠪᠠᠰᠠ ᠪᠤᠰᠤᠳ ᠢ  ᠢᠲᠡᠭᠡᠬᠦ ᠦᠭᠡᠢ᠂ ᠡᠷᠭᠢᠨ ᠲᠣᠭᠤᠷᠢᠨ ᠤ ᠬᠥᠮᠦᠰ ᠲᠠᠢ ᠪᠠᠨ ᠡᠶ᠎ᠡ ᠨᠠᠶᠢᠷᠲᠠᠶ ᠪᠠᠶᠢᠵᠤ ᠴᠢᠳᠠᠬᠤ ᠦᠭᠡᠢ ᠪᠠᠶᠢᠳᠠᠭ᠃ ᠡᠶᠢᠮᠦᠷᠬᠦ ᠵᠠᠩ ᠠᠭᠠᠰᠢ᠂ᠶᠢᠷᠲᠢᠨᠴᠦ ᠶᠢᠨ ᠦᠵᠡᠯᠲᠡ ᠶᠢᠨ ᠪᠠᠷᠢᠮᠳᠠᠯᠠᠯ ᠳᠣᠤᠷ᠎ᠠ᠂ ᠲᠡᠳᠡ ᠥᠪᠡᠷ ᠤᠨ ᠪᠡᠶ᠎ᠡ᠂ ᠡᠷᠭᠢᠨ ᠲᠣᠭᠤᠷᠢᠨ ᠤ ᠬᠥᠮᠦᠰ᠂ ᠳᠡᠯᠡᠬᠡᠶ ᠶᠢᠷᠲᠢᠨᠴᠦ᠂ ᠢᠷᠡᠭᠡᠳᠦᠶ ᠶᠢᠨ ᠲᠤᠬᠠᠶ ᠨᠠᠵᠠᠭᠠᠶ ᠦᠵᠡᠯᠲᠡ ᠲᠠᠢ ᠪᠠᠶᠢᠳᠠᠭ᠃ ᠡᠶᠢᠮᠦᠷᠬᠦ  ᠨᠠᠵᠠᠭᠠᠶ ᠦᠵᠡᠯᠲᠡ ᠨᠢ ᠬᠤᠪᠢ ᠬᠥᠮᠦᠨ ᠤ ᠠᠮᠢᠳᠤᠷᠠᠯ ᠢ ᠨᠢ ᠮᠠᠰᠢ ᠶᠡᠬᠡᠪᠡᠷ ᠨᠦᠯᠦᠭᠡᠯᠡᠵᠦ᠂ ᠠᠯᠢ ᠣᠯᠠᠨ ᠮᠠᠭᠤ ᠣᠷᠴᠢᠯ ᠢ ᠪᠣᠢ ᠪᠣᠯᠭᠠᠵᠤ᠂ ᠡᠳᠦᠷ ᠤᠨ ᠤᠳᠠᠭᠠᠨ ᠳᠠᠭᠠᠨ ᠭᠠᠩᠰᠠᠷᠠᠬᠤ ᠬᠡᠮ ᠤᠯᠬᠤ ᠳᠤ ᠬᠦᠷᠦᠬᠦᠯᠳᠡᠭ᠃         ᠪᠠᠰᠠ ᠨᠢᠭᠡ ᠪᠦᠯᠦᠭ ᠭᠠᠩᠰᠠᠷᠠᠬᠤ ᠭᠡᠮ ᠲᠠᠢ ᠬᠦᠮᠦᠰ ᠨᠢ ᠥᠪᠡᠷ ᠤᠨ ᠪᠡᠶ᠎ᠡ ᠪᠠᠨ ᠨᠡᠯᠢᠶᠡᠳ ᠲᠤᠤᠭᠤᠷ ᠦᠨᠡᠯᠡᠳᠡᠭ ᠪᠣᠯᠪᠠᠴᠤ ᠪᠤᠰᠤᠳ ᠤᠨ ᠦᠨᠡᠯᠡᠯᠲᠡ ᠶᠢ ᠣᠨᠴᠠᠭᠠᠢ ᠠᠩᠬᠠᠷᠳᠠᠭ᠃ ᠡᠶᠢᠮᠦ ᠠᠴᠠ ᠠᠮᠢᠳᠤᠷᠠᠯ ᠳᠤᠮᠳᠠ᠂ ᠲᠡᠳᠡ ᠴᠢᠷᠮᠠᠶᠢᠨ ᠠᠵᠢᠯᠯᠠᠵᠤ᠂ ᠪᠤᠰᠤᠳ ᠤᠨ ᠨᠤᠲᠠᠯᠠᠯᠳᠡ ᠶᠢ ᠣᠯᠬᠤ ᠶᠢ ᠬᠦᠰᠡᠳᠡᠭ᠃ ᠢᠡᠭᠭᠢᠭᠰᠡᠨ ᠢᠶᠠᠷ ᠲᠡᠳᠡ  ᠥᠪᠡᠷ ᠤᠨ ᠪᠡᠶ᠎ᠡ ᠳᠡᠭᠡᠨ ᠲᠤᠶᠢᠯ ᠤᠨ ᠴᠢᠩᠭ᠎ᠠ ᠱᠠᠭᠠᠷᠳᠠᠯᠭ᠎ᠠ ᠲᠠᠯᠪᠢᠵᠦ᠂ ᠥᠪᠡᠷ ᠤᠨ ᠬᠠᠷᠠᠯᠲᠠ ᠨᠢ ᠪᠡᠶᠡᠯᠡᠭᠳᠡᠵᠦ ᠴᠢᠳᠠᠬᠤ ᠦᠭᠡᠢ ᠪᠣᠯᠪᠡᠯ ᠭᠠᠩᠰᠠᠷᠠᠬᠤ ᠭᠡᠮ ᠤᠯᠳᠠᠭ᠃ ᠡᠶᠢᠮᠦ ᠠᠴᠠ ᠭᠠᠩᠰᠠᠷᠠᠬᠤ ᠭᠡᠮ ᠤᠯᠬᠤ ᠨᠢ ᠬᠤᠪᠢ ᠬᠥᠮᠦᠨ ᠤ ᠵᠠᠩ ᠠᠭᠠᠰᠢ ᠲᠠᠢ ᠨᠢᠭᠲᠠ ᠬᠤᠯᠪᠤᠭ᠎ᠠ ᠲᠠᠢ ᠪᠠᠶᠢᠳᠠᠭ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号