ᠡᠪᠦᠯ ᠤᠨ ᠤᠯᠠᠷᠢᠯ ᠳᠤ ᠬᠡᠷᠬᠢᠨ ᠡᠷᠡᠭᠦᠯ ᠮᠡᠨᠳᠦ ᠪᠠᠷ ᠬᠠᠯᠠᠭᠤᠨ ᠲᠣᠭᠤᠭ᠎ᠠ ᠢᠳᠡᠬᠦ ᠪᠣᠶ︖ 3 ᠵᠦᠢᠯ ᠢ ᠠᠩᠬᠠᠷᠬᠤ ᠶᠢ ᠪᠠᠲᠤ ᠴᠡᠭᠡᠵᠢᠯᠡᠭᠡᠷᠡᠢ
ᠨᠡᠶᠢᠲᠡᠯᠡᠭᠰᠡᠨ ᠴᠠᠭ᠄
2019-12-19
        ᠨᠢᠭᠡᠳᠦᠭᠡᠷ ᠲᠤ᠂ ᠬᠡᠲᠦᠷᠬᠡᠶ ᠭᠤᠱᠤᠭᠤᠨ ᠢᠳᠡᠭᠡᠨ ᠢᠳᠡᠪᠡᠯ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠤᠤᠷ ᠲᠠᠢ         ᠭᠤᠱᠤᠭᠤᠨ ᠠᠮᠲᠠ ᠲᠠᠢ ᠬᠠᠯᠠᠭᠤᠨ ᠲᠣᠭᠤᠭ᠎ᠠ ᠢᠳᠡᠪᠡᠯ ᠬᠥᠮᠦᠨ ᠤ ᠪᠡᠶ᠎ᠡ ᠶᠢᠨ ᠵᠠᠯᠭᠢᠭᠤᠷ ᠤᠨ ᠬᠡᠰᠡᠭ᠂ ᠬᠤᠳᠣᠭᠤᠳᠣ ᠭᠡᠳᠡᠰᠦ ᠵᠡᠷᠭᠡ ᠡᠷᠬᠡᠲᠡᠨ ᠢ ᠲᠠᠰᠤᠷᠠᠯᠲᠠ ᠦᠭᠡᠢ ᠬᠦᠨᠳᠦ ᠪᠠᠷ ᠨᠦᠯᠦᠬᠡᠯᠡᠵᠦ᠂ ᠬᠤᠭᠤᠯᠠᠶ ᠬᠠᠪᠤᠳᠴᠤ ᠡᠪᠡᠳᠬᠦ᠂ ᠬᠤᠳᠣᠭᠤᠳᠣ ᠭᠡᠳᠡᠰᠦ ᠰᠢᠷᠬᠠᠯᠭ᠎ᠠ ᠲᠠᠢ ᠪᠤᠯᠬᠤ᠂ ᠰᠠᠭᠤᠯᠭᠠᠬᠤ ᠵᠡᠷᠭᠡ ᠡᠪᠡᠳᠴᠢᠨ ᠳᠤ ᠠᠮᠠᠷᠬᠠᠨ ᠨᠡᠷᠪᠡᠭᠳᠡᠬᠦᠯᠳᠡᠭ᠃ ᠲᠡᠳᠡᠭᠡᠷ ᠠᠮᠢᠰᠬᠤᠯ ᠤᠨ ᠵᠠᠮ ᠤᠨ ᠡᠪᠡᠳᠴᠢᠨ ᠲᠠᠢ ᠡᠪᠡᠳᠴᠢᠲᠡᠨ᠂ ᠵᠢᠱᠢᠶᠡᠯᠡᠪᠡᠯ ᠬᠤᠭᠤᠯᠠᠶ ᠶᠢᠨ ᠦᠷᠪᠢᠰᠦᠯ ᠳᠤ ᠨᠡᠷᠪᠡᠭᠳᠡᠭᠰᠡᠨ ᠡᠪᠡᠳᠴᠢᠳᠠᠨ ᠵᠡᠷᠭᠡ ᠨᠢ ᠪᠠᠰᠠ ᠭᠤᠱᠤᠭᠤᠨ ᠢᠳᠡᠭᠡᠨ ᠢᠳᠡᠬᠦ ᠳᠤ ᠲᠣᠬᠢᠷᠠᠮᠵᠢ ᠦᠭᠡᠢ ᠪᠠᠶᠢᠳᠠᠭ᠂ ᠭᠤᠱᠤᠭᠤᠨ ᠢᠳᠡᠭᠡᠨ ᠢᠳᠡᠪᠡᠯ ᠬᠥᠮᠦᠨ ᠤ ᠠᠮᠢᠰᠬᠤᠯ ᠤᠨ ᠰᠢᠰᠲ᠋ᠧᠮ ᠢ ᠨᠥᠯᠥᠭᠡᠯᠡᠵᠦ᠂ ᠡᠪᠡᠳᠴᠢᠨ ᠡᠮᠭᠡᠭ ᠢ ᠨᠢ ᠤᠯᠠᠮ ᠬᠦᠨᠳᠦᠷᠡᠭᠦᠯᠭᠦ ᠪᠤᠯᠤᠨ᠎ᠠ᠃         ᠬᠤᠶᠠᠳᠤᠭᠠᠷ ᠲᠤ᠂ ᠬᠠᠯᠠᠭᠤᠨ ᠲᠣᠭᠤᠭ᠎ᠠ ᠢᠳᠡᠬᠦ ᠴᠠᠭ ᠨᠢ ᠲᠡᠩᠳᠡᠭᠦᠦ ᠤᠳᠠᠭᠠᠨ ᠪᠤᠯᠪᠠᠯ ᠬᠤᠳᠣᠭᠤᠳᠣ ᠭᠡᠳᠡᠰᠦᠨ ᠤ ᠠᠵᠢᠯᠯᠠᠭ᠎ᠠ ᠶᠢ ᠨᠥᠯᠥᠭᠡᠯᠡᠨ᠎ᠡ         ᠬᠠᠯᠠᠭᠤᠨ ᠲᠣᠭᠤᠭ᠎ᠠ ᠢᠳᠡᠬᠦ ᠴᠠᠭ ᠨᠢ ᠤᠷᠲᠤ᠂ ᠬᠡᠳᠦ ᠴᠠᠳᠬᠤ ᠶᠢᠨ ᠳᠡᠭᠡᠷ᠎ᠡ ᠨᠢ ᠡᠷᠦᠶ ᠬᠤᠷᠤᠶ ᠦᠭᠡᠢ ᠤᠯᠠᠨ ᠢᠳᠡᠭᠡᠨ ᠢᠳᠡᠪᠡᠯ ᠬᠤᠳᠣᠭᠤᠳᠣ ᠭᠡᠳᠡᠰᠦᠨ ᠤ ᠠᠵᠢᠯᠯᠠᠭ᠎ᠠ ᠶᠢ ᠰᠠᠮᠠᠭᠤᠷᠠᠭᠤᠯᠵᠤ᠂ ᠲᠦᠷᠭᠡᠨ ᠴᠢᠨᠠᠷᠲᠠᠶ ᠬᠤᠳᠣᠭᠤᠳᠣ ᠭᠡᠳᠡᠰᠦᠨ ᠤ ᠦᠷᠪᠢᠰᠦᠯ ᠵᠡᠷᠭᠡ ᠬᠦᠨᠳᠦ ᠡᠪᠡᠳᠴᠢᠨ ᠢ ᠠᠮᠠᠷᠬᠠᠨ ᠡᠭᠦᠰᠭᠡᠳᠡᠭ᠃         ᠭᠤᠷᠪᠠᠳᠤᠭᠠᠷ ᠲᠤ᠂ ᠲᠦᠭᠦᠬᠡᠶ ᠢᠳᠡᠭᠡᠨ ᠪᠠ ᠪᠣᠯᠭᠤᠭᠰᠠᠨ ᠢᠳᠡᠭᠡᠨ ᠢ ᠬᠠᠮᠲᠤ ᠢᠳᠡᠵᠦ ᠪᠣᠯᠬᠤ ᠦᠭᠡᠢ         ᠬᠠᠯᠠᠭᠤᠨ ᠲᠣᠭᠤᠭ᠎ᠠ ᠢᠳᠡᠬᠦ ᠦᠶ᠎ᠡ ᠳᠤ᠂ ᠲᠦᠭᠦᠬᠡᠶ ᠢᠳᠡᠭᠡᠨ ᠪᠠ ᠪᠤᠯᠭᠤᠬᠰᠠᠨ ᠢᠳᠡᠭᠡᠨ ᠢ ᠬᠤᠯᠢᠵᠤ ᠢᠳᠡᠪᠡᠯ᠂ ᠲᠦᠭᠦᠬᠡᠶ ᠢᠳᠡᠭᠡᠨ ᠤ ᠳᠣᠲᠣᠷᠠᠬᠢ ᠡᠪᠡᠳᠴᠢᠨ ᠤ ᠪᠠᠺᠲ᠋ᠧᠷᠢ ᠨᠢ ᠪᠣᠯᠭᠤᠬᠰᠠᠨ ᠢᠳᠡᠭᠡᠨ ᠳᠡᠭᠡᠷ᠎ᠡ ᠨᠠᠭᠠᠯᠳᠤᠳᠠᠭ᠂ ᠬᠡᠷᠪᠡ ᠴᠢᠨᠠᠵᠤ ᠪᠣᠯᠭᠤᠬᠤ ᠦᠭᠡᠢ ᠪᠠᠷ ᠢᠳᠡᠬᠦ᠂ ᠵᠠᠷᠢᠮ ᠲᠦᠭᠦᠬᠡᠶ ᠢᠳᠡᠭᠡᠨ ᠢ ᠱᠦᠭᠦᠵᠦ ᠠᠪᠤᠮᠠᠬᠴᠠ ᠢᠳᠡᠬᠦ ᠳᠤ ᠬᠦᠷᠪᠡᠯ ᠲᠡᠳᠡᠭᠡᠷ ᠰᠢᠮᠡᠬᠦᠷ ᠬᠤᠷᠤᠬᠠᠢ ᠪᠣᠯᠤᠨ ᠡᠪᠡᠳᠴᠢᠨ ᠤ ᠪᠠᠺᠲ᠋ᠧᠷᠢ ᠵᠡᠷᠭᠡ ᠨᠢ ᠬᠥᠮᠦᠨ ᠤ ᠪᠡᠶ᠎ᠡ ᠳᠤ ᠰᠢᠭᠤᠳ ᠣᠷᠣᠵᠤ᠂ ᠬᠥᠮᠦᠨ ᠤ ᠪᠡᠶ᠎ᠡ ᠶᠢ ᠡᠪᠡᠳᠴᠢᠯᠡᠭᠦᠯᠳᠡᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号