ᠰᠢᠭᠤᠶᠢᠲᠣ ᠲᠣᠭᠤᠷᠢᠭ ᠲᠤ ᠪᠠᠰᠠ ᠨᠢᠭᠡ ᠤᠯᠤᠰ ᠤᠨ ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠨᠡᠮᠡᠭᠳᠡᠵᠡᠢ᠂ ᠲᠠ ᠣᠴᠢᠵᠤ ᠥᠩᠭᠡᠷᠡᠭᠰᠡᠨ ᠦᠦ︖
ᠨᠡᠶᠢᠲᠡᠯᠡᠭᠰᠡᠨ ᠴᠠᠭ᠄
2019-12-02
    ᠷᠦᠩ ᠸᠠᠩ ᠢᠮᠠᠭᠠᠨ ᠨᠣᠯᠤᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ᠪᠤᠭᠤᠲᠤ ᠬᠤᠲᠠ ᠶᠢᠨ ᠰᠢᠭᠤᠶᠢᠲᠤ ᠰᠢᠨ᠎ᠡ ᠲᠣᠭᠤᠷᠢᠭ ᠲᠤ ᠪᠠᠶᠢᠷᠢᠯᠠᠵᠤ᠂ ᠪᠤᠭᠤᠲᠤ ᠬᠤᠲᠠ ᠶᠢᠨ ᠢᠮᠠᠭᠠᠨ ᠨᠣᠯᠤᠤᠷ ᠤᠨ ᠨᠣᠤᠰᠣᠨ ᠨᠡᠬᠡᠮᠡᠯ ᠤᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠨ᠎ᠠ᠃ ︽ᠷᠥᠩ ᠸᠠᠩ︾ ᠪᠣᠯ ᠺᠣᠮᠫᠠᠨᠢ ᠪᠠᠶᠢᠭᠤᠯᠣᠭᠳᠠᠭᠰᠠᠨ  ᠠᠴᠠ ᠨᠠᠰᠢ ᠬᠢ ᠨᠠᠷᠠᠲᠤ ᠲᠡᠮᠳᠡᠭ ᠪᠠᠶᠢᠵᠤ᠂ ᠮᠠᠨ ᠤ ᠤᠯᠤᠰ ᠤᠨ ᠢᠮᠠᠭᠠᠨ ᠨᠣᠯᠤᠤᠷ ᠤᠨ ᠠᠵᠢᠯ ᠲᠥᠷᠥᠯ ᠤᠨ 30 ᠰᠢᠬᠠᠮ ᠵᠢᠯ ᠤᠨ ᠰᠠᠯᠬᠢ ᠪᠣᠷᠣᠭᠠᠨ ᠤ ᠥᠩᠭᠡᠷᠡᠯᠲᠡ ᠶᠢ ᠭᠡᠷᠡᠴᠢᠯᠡᠪᠡ᠃ ᠠᠵᠤ ᠠᠬᠤᠶᠢᠯᠠᠯ ᠨᠢ ᠣᠯᠠᠨ ᠤᠳᠠᠭ᠎ᠠ ᠤᠯᠤᠰ ᠪᠠ ᠣᠷᠣᠨ ᠨᠤᠲᠤᠭ ᠤᠨ ᠲᠡᠰ ᠤᠨ ᠢᠷᠠᠭᠤ ᠠᠯᠳᠠᠷ ᠪᠠ ᠱᠠᠩᠨᠠᠯ ᠢ ᠬᠦᠷᠲᠡᠵᠦ ᠥᠩᠭᠡᠷᠡᠭᠰᠡᠨ ᠪᠥᠭᠡᠳ ᠥᠪᠥᠷ ᠮᠣᠩᠭᠤᠯ ᠣᠷᠣᠨ ᠤ ᠨᠡᠷᠡᠲᠦ ᠠᠵᠤ ᠠᠬᠤᠶᠢᠯᠠᠯ ᠪᠣᠯᠤᠨ᠎ᠠ᠃
     ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶ ᠲᠠᠯᠠᠪᠠᠢ 20000 ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠢ 12000 ᠲᠡᠭᠰᠢ ᠳᠥᠷᠪᠡᠯᠵᠢᠨ ᠮᠧᠲᠷ ᠪᠠᠶᠢᠵᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠵᠤ᠂ 2000 ᠭᠠᠷᠤᠶ ᠬᠥᠮᠦᠨ ᠢ ᠬᠠᠮᠲᠤ ᠳᠤᠨᠢ ᠬᠦᠯᠢᠶᠡᠨ ᠠᠪᠴᠤ ᠪᠣᠯᠤᠨ᠎ᠠ᠃ 2017 ᠣᠨ ᠳᠤ᠂ ᠺᠣᠮᠫᠠᠨᠢ ᠳ᠋ᠦᠩᠰᠢᠭᠤᠷ ᠭᠠᠷᠤᠶ ᠲᠥᠭᠦᠷᠢᠭ ᠤᠨ ᠪᠡᠯᠡ ᠣᠷᠣᠭᠤᠯᠵᠤ᠂ ᠷᠦᠩ ᠸᠠᠩ ᠢᠮᠠᠭᠠᠨ ᠨᠣᠣᠯᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠪᠠ᠃ ᠵᠠᠬ᠎ᠠ ᠳᠡᠯᠭᠡᠭᠦᠷ ᠲᠤ ᠵᠣᠬᠢᠴᠠᠭᠤᠯᠤᠨ᠂ ᠰᠣᠶᠣᠯ᠂ ᠰᠤᠷᠭᠠᠨ ᠬᠥᠮᠦᠵᠢᠯ᠂ ᠵᠣᠭᠠᠴᠠᠯ ᠶᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ᠂ ᠨᠣᠣᠯᠤᠷ ᠤᠨ ᠰᠣᠶᠣᠯ ᠢ ᠪᠦᠬᠦ ᠬᠦᠴᠦᠨ ᠢᠶᠠᠷ ᠢᠶᠠᠨ ᠤᠬᠠᠭᠤᠯᠤᠨ ᠳᠡᠯᠭᠡᠷᠡᠭᠦᠯᠵᠦ᠂ ᠵᠠᠯᠭᠠᠮᠵᠢᠯᠠᠭᠴᠢ ᠴᠢᠳᠠᠪᠤᠷᠢᠲᠠᠨ ᠢ ᠬᠥᠮᠦᠵᠢᠭᠦᠯᠬᠦ᠂ ᠪᠡᠶᠡᠴᠢᠯᠡᠨ ᠦᠢᠯᠡᠳᠦᠯᠭᠡᠵᠢᠭᠦᠯᠦᠭᠰᠡᠨ ᠨᠣᠣᠯᠤᠷ ᠤᠨ ᠰᠤᠳᠤᠯᠤᠨ ᠰᠤᠷᠤᠯᠴᠠᠬᠤ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠣᠪᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠣᠣᠯᠤᠷ ᠤᠨ ᠰᠣᠶᠣᠯ ᠤᠨ ᠮᠦᠽᠧᠶ ᠪᠣᠯᠤᠨ ᠨᠣᠣᠯᠤᠷ ᠤᠨ ᠦᠢᠯᠡᠳᠪᠦᠷᠢᠯᠡᠯ ᠤᠨ ᠤᠷᠠᠨ ᠮᠡᠷᠭᠡᠰᠢᠯ ᠢ ᠪᠡᠶᠡᠴᠢᠯᠡᠨ ᠣᠶᠢᠯᠠᠭᠠᠬᠤ ᠦᠢᠯᠡᠳᠦᠯᠭᠡ᠂ ᠰᠣᠯᠢᠷ ᠴᠢᠯᠠᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠷᠪᠠᠨ ᠶᠡᠭᠡ ᠭᠤᠤᠯ ᠰᠡᠳᠦᠪᠲᠦ ᠣᠷᠳᠣᠨ ᠲᠠᠯᠠᠪᠠᠢ ᠪᠠᠭᠲᠠᠨ᠎ᠠ᠃
     ᠢᠮᠠᠭᠠᠨ ᠨᠣᠯᠤᠤᠷ ᠤᠨ ᠰᠣᠶᠣᠯ ᠤᠨ ᠮᠦᠽᠧᠶ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠬᠦ᠂ ᠳᠡᠯᠡᠬᠡᠶ ᠶᠢᠨ ᠢᠮᠠᠭᠠᠨ ᠨᠣᠯᠤᠤᠷ ᠤᠨ ᠬᠥᠭᠵᠢᠯᠲᠡ ᠶᠢᠨ ᠲᠣᠪᠴᠢ ᠲᠡᠤᠬᠡ᠂ ᠠᠳᠠᠯᠢ ᠪᠤᠰᠤ ᠴᠠᠭ ᠦᠶ᠎ᠡ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠦᠵᠡᠭᠦᠯᠦᠯᠭᠡ᠂ ᠠᠵᠤ ᠠᠬᠤᠶᠢᠯᠠᠯ ᠤᠨ ᠥᠯᠢᠭᠡᠷ᠂ ᠲᠥᠷᠥᠯ ᠲᠡᠮᠳᠡᠭ ᠢ ᠡᠮᠬᠢᠳᠬᠡᠨ ᠳᠡᠯᠭᠡᠨ ᠦᠵᠡᠭᠦᠯᠬᠦ ᠵᠡᠷᠭᠡ ᠬᠡᠪᠯᠡᠯ ᠤᠨ ᠬᠡᠰᠡᠭ ᠤᠨ ᠠᠭᠤᠯᠭ᠎ᠠ ᠪᠠᠷ ᠳᠠᠮᠵᠢᠨ᠂ ᠬᠤᠷᠸ᠎ᠠ ᠰᠢᠰᠲ᠋ᠧᠮᠵᠢᠭᠰᠡᠨ ᠢᠮᠠᠭᠠᠨ ᠨᠣᠯᠤᠤᠷ ᠤᠨ ᠰᠣᠶᠣᠯ᠂ ᠮᠡᠳᠡᠯᠭᠡ ᠶᠢ ᠳᠡᠯᠭᠡᠨ ᠦᠵᠡᠭᠦᠯᠵᠦ᠂ ᠠᠵᠢᠯ ᠲᠥᠷᠥᠯ ᠤᠨ ᠬᠥᠭᠵᠢᠯᠲᠡ ᠶᠢᠨ ᠲᠡᠤᠬᠡ᠂ ᠭᠠᠷ ᠤᠷᠠᠯᠠᠯ ᠤᠨ ᠲᠥᠬᠦᠭᠡᠷᠦᠮᠵᠢ ᠶᠢᠨ ᠬᠤᠪᠢᠰᠤᠯᠲᠠ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠣᠯᠤᠨ ᠰᠢᠯᠢᠳᠡᠭ ᠠᠵᠤ ᠠᠬᠤᠶᠢᠯᠠᠯᠲᠠ ᠶᠢᠨ ᠵᠣᠷᠢᠭ ᠰᠠᠨᠠᠭ᠎ᠠ ᠶᠢ ᠳᠡᠯᠭᠡᠨ ᠦᠵᠡᠭᠦᠯᠪᠡ︔ ᠡᠭᠦᠨ ᠤ ᠬᠠᠮᠲᠤ᠂ ᠢᠮᠠᠭᠠᠨ ᠨᠣᠣᠯᠤᠷ ᠢ ᠥᠪᠥᠷ ᠮᠣᠩᠭᠤᠯ ᠤᠨ ᠣᠨᠴᠠᠯᠢᠭᠲᠤ ᠠᠵᠤ ᠦᠢᠯᠡᠰ ᠪᠣᠯᠭᠠᠬᠤ ᠲᠥᠷᠥᠯᠬᠢ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠶᠢ ᠳᠡᠯᠭᠡᠨ ᠦᠵᠡᠭᠦᠯᠵᠡᠶ᠃
     ᠢᠮᠠᠭᠠᠨ ᠨᠣᠯᠤᠤᠷ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠪᠡᠶᠡᠴᠢᠯᠡᠨ ᠣᠶᠢᠯᠠᠭᠠᠬᠤ ᠦᠢᠯᠡᠳᠦᠯᠭᠡ ᠶᠢᠨ ᠣᠷᠳᠣᠨ ᠨᠢ ᠢᠮᠠᠭᠠᠨ ᠨᠣᠯᠤᠤᠷ ᠤᠨ ᠨᠡᠬᠡᠮᠡᠯ ᠤᠨ ᠤᠷ᠎ᠠ ᠮᠡᠷᠭᠡᠰᠢᠯ ᠢ ᠰᠤᠷᠤᠯᠴᠠᠬᠤ᠂ ᠨᠡᠬᠡᠬᠦ᠂ ᠹᠢᠯᠢᠮ ᠪᠠᠶᠢᠴᠠᠭᠠᠬᠤ᠂ ᠤᠭᠯᠠᠭᠤᠷᠭ᠎ᠠ᠂ ᠪᠣᠭᠤᠳᠠᠯ ᠵᠡᠷᠭᠡ ︽36︾ ᠢᠮᠠᠭᠠᠨ ᠨᠣᠯᠤᠤᠷ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠪᠡᠶᠡᠴᠢᠯᠡᠨ ᠦᠢᠯᠡᠳᠦᠯᠭᠡᠵᠢᠭᠦᠯᠬᠦ ᠪᠠᠷ ᠳᠠᠮᠵᠢᠭᠤᠯᠤᠨ᠂ ᠢᠮᠠᠭᠠᠨ ᠨᠣᠯᠤᠤᠷ ᠤᠨ ᠬᠡᠯᠪᠡᠷᠢ ᠶᠢᠨ ᠦᠢᠯᠡᠳᠦᠯᠭᠡ ᠳᠤ ᠣᠷᠣᠯᠴᠠᠬᠤ ᠳᠤᠮᠳᠠ᠂ ᠢᠮᠠᠭᠠᠨ ᠨᠣᠯᠤᠤᠷ ᠤᠨ ᠨᠡᠬᠡᠮᠡᠯ ᠤᠨ ᠤᠷ᠎ᠠ ᠮᠡᠷᠭᠡᠰᠢᠯ ᠢ ᠦᠨᠡᠨ ᠪᠣᠳᠠᠲᠠᠶ ᠪᠠᠷ ᠰᠤᠷᠤᠯᠴᠠᠨ ᠣᠶᠢᠯᠠᠭᠠᠵᠤ᠂ ᠦᠢᠯᠡᠳᠪᠦᠷᠢᠯᠡᠯ ᠤᠨ ᠭᠤᠭᠴᠤᠭ᠎ᠠ ᠶᠢ ᠣᠶᠢᠯᠭᠠᠨ᠂ ᠨᠣᠮ ᠪᠢᠴᠢᠭ ᠤᠨ ᠮᠡᠳᠡᠯᠭᠡ ᠶᠢ ᠦᠢᠯᠡᠳᠪᠦᠷᠢᠯᠡᠯ ᠠᠮᠢᠳᠤᠷᠠᠯ ᠲᠠᠢ ᠠᠭᠤᠰᠤᠯᠴᠠᠭᠤᠯᠵᠤ᠂ ︽ᠤᠷᠠᠨ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠨᠡᠬᠡᠬᠦ ᠰᠦᠯᠵᠢᠬᠦ ᠶᠢ ᠬᠥᠭᠵᠢᠭᠦᠯᠦᠨ ᠮᠠᠨᠳᠤᠭᠤᠯᠬᠤ︾ ᠠᠵᠤ ᠠᠬᠤᠶᠢᠯᠠᠯ ᠤᠨ ᠵᠣᠷᠢᠭ ᠰᠠᠨᠠᠭ᠎ᠠ ᠶᠢ ᠪᠡᠶᠡᠴᠢᠯᠡᠨ ᠣᠶᠢᠯᠠᠭᠠᠬᠤ ᠪᠥᠭᠡᠳ ᠪᠠᠰᠠ ᠳᠠᠯᠳᠠ ᠴᠢᠳᠠᠪᠤᠷᠢᠲᠠᠨ ᠢ ᠬᠥᠮᠦᠵᠢᠭᠦᠯᠬᠦ ᠳᠤ ᠬᠦᠴᠦᠨ ᠬᠤᠷᠠᠮᠳᠤᠭᠤᠯᠵᠤ ᠥᠭᠭᠦᠨ᠎ᠡ᠃
     ᠰᠣᠯᠢᠷ ᠴᠢᠯᠠᠭᠤ ᠶᠢᠨ ᠰᠢᠨᠵᠢᠯᠡᠬᠦ ᠣᠬᠠᠭᠠᠨ ᠳᠡᠯᠭᠡᠷᠡᠭᠦᠯᠬᠦ ᠣᠷᠳᠣᠨ ᠪᠣᠯ ᠣᠳᠣᠬᠠᠨ ᠳᠤ ᠮᠠᠨ ᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠤᠭ ᠤᠨ ᠲᠣᠮᠣ ᠰᠣᠯᠢᠷ ᠴᠢᠯᠠᠭᠤ ᠶᠢᠨ ᠣᠷᠳᠣᠨ ᠪᠣᠯᠤᠨ᠎ᠠ᠂ ᠡᠭᠦᠨ ᠳᠤ ᠳᠡᠯᠡᠬᠡᠶ ᠶᠢᠨ ᠠᠳᠠᠯᠢ ᠪᠤᠰᠤ ᠤᠯᠤᠰ ᠪᠠ ᠭᠠᠵᠠᠷ ᠣᠷᠣᠨ ᠠᠴᠠ ᠢᠷᠡᠭᠰᠡᠨ ᠵᠠᠭᠤ ᠭᠠᠷᠤᠶ ᠬᠡᠰᠡᠭ ᠰᠣᠯᠢᠷ ᠴᠢᠯᠠᠭᠤ ᠬᠠᠳᠠᠭᠠᠯᠠᠵᠤ ᠪᠣᠶ᠄ 46 ᠳ᠋ᠦᠩᠰᠢᠭᠤᠷ ᠵᠢᠯ ᠤᠨ ᠡᠮᠦᠨ᠎ᠡ ᠳᠡᠯᠡᠬᠡᠶ ᠶᠢᠨ ᠪᠥᠮᠪᠥᠷᠴᠡᠭ ᠲᠠᠢ ᠨᠠᠰᠤ ᠰᠠᠴᠠᠭᠤ ᠨᠢᠭᠤᠴᠠᠭᠠᠶ ︽ᠬᠠᠷᠢ ᠭᠠᠷᠠᠭ ᠤᠨ ᠠᠶᠢᠯᠴᠢᠨ︾ ᠪᠣᠶ︔ ︽ᠴᠠᠩ ᠧ ᠶᠢᠨ ᠨᠤᠲᠤᠭ︾ ᠠᠴᠠ ᠢᠷᠡᠭᠰᠡᠨ ᠰᠠᠷᠠᠨ ᠴᠢᠯᠠᠭᠤᠯᠢᠭ︔2012 ᠣᠨ᠂ 2015 ᠣᠨ ᠳᠤ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠰᠣᠯᠢᠷ ᠴᠢᠯᠠᠭᠤ ᠶᠢ ᠢᠯᠡᠷᠡᠭᠦᠯᠪᠡ ᠁ ᠡᠳᠡᠭᠡᠷ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠰᠠᠨᠰᠠᠷ ᠤᠨ ᠣᠳᠣᠨ ᠴᠣᠭᠴᠠᠰ ᠨᠢ ᠬᠥᠮᠦᠨ ᠲᠥᠷᠥᠯᠬᠢᠲᠡᠨ ᠤ ᠰᠠᠨᠰᠠᠷ ᠣᠭᠲᠠᠷᠭᠤᠶ ᠶᠢᠨ ᠦᠢᠯᠡᠰ ᠢ ᠬᠠᠶᠢᠨ ᠰᠦᠪᠡᠭᠴᠢᠯᠡᠬᠦ ᠳᠤ ᠣᠷᠣᠯᠠᠭᠤᠯᠵᠤ ᠪᠣᠯᠤᠰᠢ ᠦᠭᠡᠢ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠥᠷᠲᠡᠭ ᠢ ᠬᠠᠩᠭᠠᠵᠠᠶ᠃      ᠠᠭᠤᠰᠤᠯᠴᠠᠬᠤ᠂ ᠰᠢᠨ᠎ᠡ ᠶᠢ ᠡᠭᠦᠳᠬᠦ᠂ ᠤᠯᠠᠮᠵᠢᠯᠠᠨ ᠵᠠᠯᠭᠠᠮᠵᠢᠯᠠᠬᠤ᠂ ᠬᠥᠭᠵᠢᠭᠦᠯᠬᠦ ᠳᠤᠮᠳᠠ᠂ ︽ᠷᠥᠩ ᠸᠠᠩ︾ ᠨᠢ ᠥᠪᠥᠷ ᠮᠣᠩᠭᠤᠯ ᠤᠨ ᠦᠨᠳᠦᠰᠦᠲᠡᠨ ᠤ ᠨᠡᠷᠡᠲᠦ ᠲᠡᠮᠳᠡᠭ ᠪᠣᠯᠤᠭᠰᠠᠨ ᠤ ᠬᠤᠪᠢ ᠳᠤ᠂ ᠬᠤᠷᠴᠠ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠪᠠᠲᠤ ᠴᠢᠩᠭ᠎ᠠ ᠡᠭᠦᠷᠭᠡ ᠲᠠᠭᠠᠯᠭᠠᠪᠣᠷᠢ ᠶᠢᠨ ᠣᠬᠠᠮᠰᠠᠷ ᠪᠠᠶᠢᠵᠤ᠂ ᠦᠷᠭᠦᠯᠵᠢᠯᠡᠨ ᠴᠢᠷᠮᠠᠶᠢᠨ ᠲᠡᠮᠡᠴᠡᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠ ᠵᠠᠯᠭᠠᠮᠵᠢᠯᠠᠭᠴᠢ ᠴᠢᠳᠠᠪᠤᠷᠢᠲᠠᠨ ᠢ ᠬᠥᠮᠦᠵᠢᠭᠦᠯᠬᠦ ᠶᠢᠨ ᠲᠥᠯᠥᠭᠡ ᠤᠷᠤᠭᠰᠢᠯᠠᠵᠤ᠂ ᠵᠢᠱᠢᠶ᠎ᠡ ᠦᠵᠡᠭᠦᠯᠬᠦ ᠬᠡᠯᠪᠡᠷᠢ ᠶᠢᠨ ᠦᠢᠯᠡᠳᠪᠦᠷᠢ ᠶᠢᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠢᠨ ᠲᠥᠯᠥᠭᠡ ᠴᠢᠷᠮᠠᠶᠢᠬᠤ ᠪᠣᠯᠤᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号