ᠬᠡᠯᠡᠨ ᠤ ᠦᠵᠦᠭᠦᠷ ᠤᠨ ᠨᠤᠲᠤᠭ ᠤᠨ ᠮᠦᠷᠦᠭᠡᠳᠦᠯ︕ ᠳ᠋ᠠ ᠳ᠋ᠧ ᠾᠧᠩ ᠵᠡᠭᠡᠯᠢ ᠭᠤᠳᠤᠮᠵᠢ ᠶᠢᠨ ᠠᠩᠬᠠᠳᠠᠭᠴᠢ ᠬᠦᠳᠡᠭᠡ ᠶᠢᠨ ᠵᠢᠭᠤᠯᠴᠢᠯᠠᠯ ᠡᠭᠦᠳᠡ ᠪᠠᠨ ᠨᠡᠭᠡᠭᠡᠵᠡᠢ︕ ᠬᠠᠶ᠋ᠢᠭ ᠨᠢ ᠳᠠᠷᠤᠶ ᠁
ᠨᠡᠶᠢᠲᠡᠯᠡᠭᠰᠡᠨ ᠴᠠᠭ᠄
2019-12-20
       12 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨᠡᠬᠢ 11 ᠴᠠᠭ ᠲᠤ᠂ ᠲᠩᠷᠢ ᠳᠣᠩᠰᠣᠯᠭᠠᠮ᠎ᠠ ᠫᠤᠤᠵᠢᠩ ᠪᠠ ᠪᠠᠶᠠᠷ ᠪᠠᠶᠠᠰᠬᠤᠯᠠᠩᠲᠤ ᠬᠠᠷᠠᠩᠭ᠎ᠠ ᠬᠡᠩᠭᠡᠷᠭᠡ ᠶᠢᠨ ᠳᠠᠭᠤᠨ ᠤ ᠳᠤᠮᠳᠠ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠺᠠᠶ ᠵᠧᠤ ᠶᠣᠣ ᠽᠢ ᠲᠣᠰᠬᠤᠨ ᠤ ᠠᠩᠬᠠᠳᠠᠭᠴᠢ ᠬᠦᠳᠡᠭᠡ ᠶᠢᠨ ᠵᠢᠭᠤᠯᠴᠢᠯᠠᠯ — ︽ᠰᠢᠶᠠᠩ ᠲᠦ᠋ ᠳ᠋ᠢ︾ ᠵᠢᠩᠬᠢᠨᠢ ᠪᠠᠷ ᠠᠵᠢᠯ ᠢᠶᠠᠨ ᠡᠬᠢᠯᠡᠭᠦᠯᠪᠡ᠃        ᠠᠵᠢᠯ ᠡᠬᠢᠯᠡᠬᠦ ᠲᠤᠬᠠᠶ ᠶᠢᠨ ᠲᠠᠯᠠᠪᠠᠢ ᠳᠤ ᠬᠥᠳᠡᠭᠡ ᠲᠣᠰᠬᠤᠨ ᠤ ᠤᠯᠠᠮᠵᠢᠯᠠᠯᠲᠤ ᠣᠨᠴᠠᠯᠢᠭ ᠲᠠᠢ        ᠭᠠᠭ᠋ᠠᠶ ᠠᠯᠠᠵᠤ ᠬᠠᠷᠠᠩᠭ᠎ᠠ ᠬᠡᠩᠭᠡᠷᠭᠡ ᠶᠢᠨ ᠲᠣᠭᠯᠠᠯᠲᠠ ᠭᠠᠷᠭᠠᠬᠤ        ᠤᠳᠠᠭᠠᠨ ᠬᠤᠭᠤᠴᠠᠭ᠎ᠠ ᠲᠠᠶᠢᠰᠠᠨ ᠳᠤ ᠭᠠᠷᠤᠭ᠎ᠠ ᠦᠭᠡᠢ ᠬᠥᠳᠡᠭᠡ ᠲᠣᠰᠬᠤᠨ ᠤ ᠠᠬᠠᠮᠠᠳ ᠲᠣᠭᠯᠠᠭᠴᠢ᠃        ᠲᠣᠰᠬᠤᠨ ᠤ ᠠᠷᠠᠳ ᠲᠤ ᠬᠤᠶᠠᠷ ᠬᠥᠮᠦᠨ ᠤ ᠲᠠᠶᠢᠰᠠ ᠵᠡᠷᠭᠡ        ᠦᠵᠡᠵᠦ ᠰᠣᠨᠢᠷᠬᠠᠬᠤ ᠳᠤᠷᠠᠲᠠᠶ ᠲᠣᠭᠯᠠᠯᠲᠠ ᠶᠢ ᠲᠣᠭᠯᠠᠵᠣ ᠦᠭᠪᠡ᠃
       ︽ᠰᠢᠶᠠᠩ ᠲᠦ᠋ ᠳ᠋ᠢ︾ ᠬᠦᠳᠡᠭᠡ ᠶᠢᠨ ᠵᠢᠭᠤᠯᠴᠢᠯᠠᠯ ᠲᠣᠰᠬᠤᠨ ᠤ ᠭᠤᠤᠯ ᠪᠠᠶᠢᠷᠢ ᠳᠤ ᠪᠠᠶᠢᠭ᠎ᠠ ᠵᠢᠵᠢᠭ ᠬᠦᠷᠢᠶ᠎ᠡ ᠨᠢ ︽ᠬᠥᠳᠡᠭᠡ ᠶᠢᠨ ᠪᠣᠯᠪᠠᠴᠤ ᠪᠦᠳᠦᠭᠦᠯᠢᠭ ᠪᠢᠰᠢ᠂ ᠨᠤᠲᠤᠭ ᠤᠨ ᠪᠣᠯᠪᠠᠴᠤ ᠪᠦᠳᠦᠭᠦᠯᠢᠭ ᠪᠢᠰᠢ︾ ᠵᠠᠷᠴᠢᠮ ᠢᠶᠠᠷ ᠲᠣᠰᠬᠤᠨ ᠤ ᠠᠷᠠᠳ ᠵᠧᠤ ᠵᠢᠶ ᠸᠧᠨ ᠬᠦᠷᠢᠶᠡᠨ ᠤ ᠤᠤᠯ ᠳᠦᠷᠰᠦ ᠪᠠᠶᠢᠳᠠᠯ ᠤᠨ ᠰᠠᠭᠤᠷᠢᠨ ᠳᠡᠭᠡᠷ᠎ᠡ ᠪᠠᠶᠢᠷᠢᠯᠠᠵᠣ ᠪᠠᠶᠢᠨ᠎ᠠ᠃
       ᠥᠷᠭᠡᠨ ᠠᠭᠤᠳᠠᠮ ᠡᠬᠡ ᠭᠠᠵᠠᠷ ᠳᠡᠭᠡᠷ᠎ᠡ ᠬᠠᠳᠠᠭᠠᠯᠠᠭᠳᠠᠵᠤ ᠪᠠᠶᠢᠭ᠎ᠠ ᠤᠮᠠᠷᠠᠲᠤ ᠶᠢᠨ ᠬᠥᠳᠡᠭᠡ ᠲᠣᠰᠬᠤᠨ ᠤ ᠰᠢᠯᠢᠳᠡᠭ ᠤᠯᠠᠮᠵᠢᠯᠠᠯᠲᠤ ᠰᠣᠶᠣᠯ ᠤᠨ ᠠᠴᠢᠶᠠᠯᠠᠯ ᠪᠠ ᠨᠤᠲᠤᠭ ᠤᠨ ᠮᠥᠷᠥᠭᠡᠳᠦᠯ ᠤᠯᠠᠮᠵᠢᠯᠠᠭᠳᠠᠬᠤ ᠬᠠᠮᠤᠭ ᠤᠨ ᠪᠣᠷᠣᠭᠵᠢᠭᠤᠨ ᠨᠤᠲᠤᠭ ᠤᠨ ᠠᠭ᠎ᠠ ᠳᠡᠭᠦᠤ ᠨᠡᠷ ᠤᠨ ᠰᠣᠶᠣᠯ ᠢ ᠬᠠᠶᠢᠨ ᠰᠦᠪᠡᠭᠴᠢᠯᠡᠬᠦ ᠪᠠᠷ ᠭᠤᠤᠯᠳᠠᠭᠤᠯᠵᠤ᠂ ᠬᠥᠳᠡᠭᠡ ᠲᠣᠰᠬᠤᠨ ᠤ ᠠᠩᠬᠠᠳᠠᠭᠴᠢ ᠬᠦᠳᠡᠭᠡ ᠶᠢᠨ ᠵᠢᠭᠤᠯᠴᠢᠯᠠᠯ ᠢ ᠴᠣᠭᠴᠠᠯᠠᠪᠠ᠃
       ᠬᠦᠷᠢᠶᠡᠨ ᠳᠤ ᠣᠨᠴᠠᠯᠢᠭ ᠲᠠᠢ ᠵᠠᠰᠠᠵᠣ ᠴᠢᠮᠡᠭᠰᠡᠨ᠂ ᠣᠨᠴᠠᠯᠢᠭ ᠲᠠᠢ ᠬᠤᠭᠤᠯᠠ ᠤᠮᠳᠠ ᠨᠢ ᠮᠠᠰᠢ ᠠᠮᠲᠠᠲᠠᠶ᠂ ᠴᠢᠩ ᠰᠡᠳᠬᠢᠯ ᠤᠨ ᠦᠢᠯᠡᠴᠢᠯᠡᠭᠡ ᠪᠠ ᠠᠮᠲᠠᠲᠣ ᠬᠤᠭᠤᠯᠠ ᠵᠠᠭᠤᠰᠢ ᠨᠢ ᠴᠤᠭᠯᠠᠭᠠᠨ ᠰᠡᠯᠡᠭᠦᠴᠡᠬᠦ ᠬᠠᠮᠤᠭ ᠤᠨ ᠰᠠᠶᠢᠨ ᠰᠣᠩᠭᠤᠯᠲᠠ ᠪᠣᠯᠤᠨ᠎ᠠ᠃        ︽ᠰᠢᠶᠠᠩ ᠲᠦ᠋ ᠳ᠋ᠢ︾ ᠶᠢᠨ ᠬᠦᠳᠡᠭᠡ ᠶᠢᠨ ᠵᠢᠭᠤᠯᠴᠢᠯᠠᠯ 300 ᠭᠠᠷᠤᠶ ᠲᠡᠭᠰᠢ ᠳᠥᠷᠪᠡᠯᠵᠢᠨ ᠮᠧᠲᠷ ᠪᠠᠶᠢᠵᠣ ᠳᠡᠭᠡᠷ᠎ᠡ ᠵᠠᠭᠤᠨ ᠤ ᠨᠠᠶᠠᠭᠠᠳ ᠤᠨ ᠦᠶ᠎ᠡ ᠶᠢᠨ ᠨᠡᠶᠢᠲᠡᠯᠢᠭ ᠬᠦᠳᠡᠭᠡ ᠶᠢᠨ ᠬᠦᠷᠢᠶ᠎ᠡ ᠬᠠᠰᠢᠶ᠎ᠠ ᠪᠣᠯᠤᠨ᠎ᠠ᠂ 50 ᠭᠠᠷᠤᠶ ᠬᠥᠮᠦᠨ ᠢ ᠵᠡᠷᠭᠡ ᠪᠠᠷ ᠬᠦᠯᠢᠶᠡᠨ ᠠᠪᠴᠣ᠂ ᠵᠣᠴᠢᠳ ᠨᠢ ᠬᠡᠷᠡᠭᠴᠡᠭᠡ ᠪᠠᠨ ᠦᠨᠳᠦᠰᠦᠯᠡᠨ ᠰᠢᠷᠣᠶ ᠶᠢᠨ ᠬᠠᠨᠵᠤ᠂ ᠳᠥᠷᠪᠡᠯᠵᠢᠨ ᠰᠢᠷᠡᠭᠡ᠂ ᠲᠣᠮᠣ ᠬᠡᠯᠪᠡᠷᠢ ᠶᠢᠨ ᠬᠤᠭᠤᠯᠠᠨ ᠰᠢᠷᠡᠭᠡ ᠵᠡᠷᠭᠡ ᠬᠤᠭᠤᠯᠠᠯᠠᠬᠤ ᠬᠡᠯᠪᠡᠷᠢ ᠶᠢ ᠰᠣᠩᠭᠤᠵᠤ ᠪᠣᠯᠤᠨ᠎ᠠ᠃
       ᠭᠠᠭ᠋ᠠᠶ ᠠᠯᠠᠵᠤ ᠨᠣᠭᠤᠭ᠎ᠠ ᠴᠢᠨᠠᠬᠤ᠂ ᠤᠯᠠᠭᠠᠨ ᠡᠷᠡᠭᠴᠢᠨ ᠳᠠᠬᠢᠶ᠎ᠠ ᠴᠢᠨᠠᠬᠤ᠂ ᠬᠤᠨᠢᠨ ᠶᠠᠰᠤ ᠴᠢᠨᠠᠬᠤ ᠵᠡᠷᠭᠡ ᠬᠥᠳᠡᠭᠡ ᠲᠣᠰᠬᠤᠨ ᠤ ᠤᠯᠠᠮᠵᠢᠯᠠᠯᠲᠤ ᠨᠣᠭᠤᠭ᠎ᠠ ᠪᠣᠯ ᠴᠥᠮ ᠲᠠᠷᠢᠶᠠᠴᠢᠨ ᠠᠶᠢᠯ ᠤᠨ ᠥᠪᠡᠷ ᠢᠶᠠᠨ ᠲᠡᠵᠢᠭᠡᠭᠰᠡᠨ ᠭᠠᠭ᠋ᠠᠶ᠂ ᠳᠠᠬᠢᠶ᠎ᠠ᠂ ᠬᠤᠨᠢᠨ ᠤ ᠮᠢᠬ᠎ᠠ ᠪᠠᠶᠢᠵᠣ ᠨᠣᠭᠤᠭᠠᠨ ᠪᠥᠭᠡᠳ ᠡᠷᠡᠭᠦᠯ ᠮᠡᠨᠳᠦ ᠳᠤ ᠶᠠᠮᠠᠷ ᠴᠤ ᠨᠡᠮᠡᠯᠲᠡ ᠡᠳ᠋ ᠦᠭᠡᠢ᠃
       ᠡᠶᠢᠮᠦ ᠬᠥᠳᠡᠭᠡ ᠶᠢᠨ ᠪᠤᠳᠠᠭ᠎ᠠ ᠨᠢ ᠴᠢᠮ᠎ᠠ ᠶᠢ ᠳᠠᠭᠠᠭᠤᠯᠵᠤ ᠨᠤᠲᠤᠭ ᠤᠨ ᠳᠤᠷᠠᠰᠤᠮᠵᠢ ᠶᠢ ᠡᠷᠢᠭᠦᠯᠦᠨ᠎ᠡ᠂ ᠠᠮᠠ ᠳᠦᠭᠦᠷᠡᠩ ᠪᠦᠷ ᠪᠠᠭ᠎ᠠ ᠶᠢᠨ ᠦᠶ᠎ᠡ ᠶᠢᠨ ᠦᠨᠦᠷ ᠠᠮᠲᠠ ᠪᠣᠯᠤᠨ᠎ᠠ᠃        ᠣᠶᠢᠷ᠎ᠠ ᠶᠢᠨ ᠵᠢᠯ ᠠᠴᠠ ᠨᠠᠭᠠᠰᠢ᠂ ᠬᠤᠸᠠ ᠦ᠋ ᠷᠧᠨ ᠵᠢᠶᠠᠨ ᠬᠦᠷᠢᠶᠡᠯᠡᠩ ᠪᠣᠯᠤᠨ ᠪᠤᠭᠤᠲᠤ ᠶᠢᠨ ᠡᠷᠲᠡᠨ ᠤ ᠬᠤᠲᠠ ᠶᠢᠨ ᠦᠵᠡᠮᠵᠢ ᠶᠢᠨ ᠣᠷᠣᠨ ᠳᠤ ᠲᠦᠰᠢᠭᠯᠡᠭᠰᠡᠨ ᠺᠠᠶ ᠵᠧᠤ ᠶᠣᠣ ᠽᠢ ᠲᠣᠰᠬᠤᠨ ᠦᠵᠡᠮᠵᠢ ᠶᠢᠨ ᠣᠷᠣᠨ ᠲᠠᠢ ᠭᠦᠨᠵᠡᠭᠡᠶ ᠠᠭᠤᠰᠤᠯᠴᠠᠵᠤ᠂ ᠠᠷᠠᠳ ᠤᠨ ᠣᠷᠣᠨ ᠰᠠᠭᠤᠴᠠ᠂ ᠲᠠᠷᠢᠶᠠᠴᠢᠨ ᠠᠶᠢᠯ ᠤᠨ ᠵᠤᠭᠠᠴᠠᠯ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠢᠵᠢ ᠪᠦᠷᠢᠳᠦᠭᠰᠡᠨ ᠲᠥᠷᠥᠯ ᠵᠦᠢᠯ ᠢ ᠬᠥᠭᠵᠢᠭᠦᠯᠦᠭᠰᠡᠭᠡᠷ ᠢᠷᠡᠵᠡᠢ᠂ ᠲᠣᠰ ᠤᠳᠠᠭ᠎ᠠ ᠪᠠᠶᠢᠭᠤᠯᠤᠭᠰᠠᠨ ︽ᠰᠢᠶᠠᠩ ᠲᠦ᠋ ᠳ᠋ᠢ︾ ᠪᠣᠯ ᠳᠠᠷᠤᠶ ᠲᠣᠰᠬᠤᠨ ᠤ ᠠᠷᠠᠳ ᠤᠨ ᠵᠥᠪᠯᠡᠯ ᠤᠨ ᠵᠢᠱᠢᠶ᠎ᠡ ᠦᠵᠡᠭᠦᠯᠵᠦ ᠬᠥᠳᠡᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠢᠭᠤᠶᠢᠲᠤ ᠲᠣᠭᠤᠷᠢᠭ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠣᠷᠣᠨ ᠢ ᠪᠦᠲᠦᠭᠡᠨ ᠪᠠᠶᠢᠭᠤᠯᠬᠤ ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠳᠡᠭᠡ ᠲᠣᠰᠬᠤᠨ ᠤ ᠵᠤᠭᠠᠴᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠬᠦ ᠰᠠᠶᠢᠨ ᠡᠬᠢᠯᠡᠯᠲᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠲᠣᠰᠬᠤᠨ ᠤ ᠠᠷᠠᠳ ᠤᠨ ᠵᠥᠪᠯᠡᠯ ᠨᠢ ᠠᠷᠠᠳ ᠤᠨ ᠣᠷᠣᠨ ᠰᠠᠭᠤᠴᠠ ᠠᠷᠠᠳ ᠤᠨ ᠵᠠᠩ ᠵᠠᠩᠰᠢᠯ ᠢ ᠬᠥᠭᠵᠢᠭᠦᠯᠬᠦ ᠵᠣᠷᠢᠭ ᠰᠠᠨᠠᠭ᠎ᠠ ᠲᠠᠢ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ᠂ ᠬᠡᠪᠴᠢᠶ᠎ᠡ ᠶᠢ ᠨᠢ ᠠᠯᠬᠤᠮ ᠠᠯᠬᠤᠮ ᠢᠶᠠᠷ ᠥᠷᠭᠡᠳᠬᠡᠨ᠂ ᠡᠵᠡᠩᠨᠡᠯᠲᠡ ᠶᠢᠨ ᠪᠠᠶᠢᠳᠠᠯ ᠢ ᠪᠦᠷᠢᠯᠳᠦᠭᠦᠯᠵᠦ᠂ ᠦᠢᠯᠡᠳᠪᠦᠷᠢᠯᠡᠯ ᠪᠠ ᠲᠣᠰᠬᠤᠨ ᠢ ᠠᠭᠤᠰᠤᠯᠴᠠᠭᠤᠯᠬᠤ᠂ ᠰᠣᠶᠣᠯ ᠵᠢᠭᠤᠯᠴᠢᠯᠠᠯ ᠢ ᠤᠶᠠᠯᠳᠤᠭᠤᠯᠬᠤ ᠶᠢ ᠪᠡᠶᠡᠯᠡᠭᠦᠯᠵᠦ ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠤᠯᠠᠮ ᠨᠢᠭᠡ ᠠᠯᠬᠤᠮ ᠳᠠᠶᠢᠴᠢᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠳᠡᠰ ᠳᠡᠪᠰᠢᠬᠦ ᠶᠢ ᠠᠬᠢᠭᠤᠯᠤᠨ᠎ᠠ᠃
       ᠲᠠᠷᠢᠶᠠᠴᠢᠨ ᠤ ᠦᠨᠦᠷ ᠠᠮᠲᠠ ᠢ ᠠᠮᠲᠠᠯᠠᠵᠣ        ᠵᠢᠷᠭᠠᠬᠤ ᠨᠢ ᠬᠥᠮᠦᠨ ᠤ ᠠᠮᠢᠳᠤᠷᠠᠯ ᠳᠤ ᠪᠠᠶᠢᠨ᠎ᠠ        ᠬᠠᠶ᠋ᠢᠭ ᠨᠢ ᠶᠠᠭ ᠠᠳᠡ ᠪᠠᠶᠢᠨ᠎ᠠ᠃        ᠰᠢᠭᠤᠶᠢᠲᠤ ᠰᠢᠨ᠎ᠡ ᠲᠣᠭᠤᠷᠢᠭ ᠤᠨ ᠳ᠋ᠠ ᠳ᠋ᠧ ᠡᠾᠧᠩ ᠵᠡᠭᠡᠯᠢ ᠭᠤᠳᠤᠮᠵᠢ ᠶᠢᠨ ᠺᠠᠶ ᠵᠧᠤ ᠶᠣᠣ ᠽᠢ ᠲᠣᠰᠬᠤᠨ ︵ᠪᠤᠭᠤᠲᠤ ᠶᠢᠨ ᠡᠷᠲᠡᠨ ᠤ ᠬᠤᠲᠠ ᠶᠢᠨ ᠦᠵᠡᠮᠵᠢ ᠶᠢᠨ ᠣᠷᠣᠨ ᠤ ᠬᠠᠵᠠᠭᠤ ᠳᠤ︶

       ᠤᠷᠢᠳᠴᠢᠯᠠᠨ ᠵᠠᠬᠢᠶᠠᠯᠠᠭᠰᠠᠨ ᠤᠲᠠᠰᠤ᠄ 1334386772

       ᠨᠠᠶᠢᠵᠠ ᠨᠥᠬᠦᠳ ᠢᠶᠠᠨ ᠳᠠᠭᠤᠳᠠᠵᠣ

       ᠬᠤᠷᠳᠤᠨ ᠬᠠᠮᠲᠤ ᠢᠷᠡᠵᠦ ᠬᠥᠳᠡᠭᠡ ᠲᠣᠰᠬᠤᠨ ᠤ ᠵᠠᠩ ᠦᠢᠯᠡ ᠶᠢ ᠪᠡᠶᠡᠴᠢᠯᠡᠨ ᠲᠣᠭᠤᠯᠵᠣ ᠦᠵᠡᠭᠡᠷᠡᠢ

~

 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号