ᠰᠤᠷᠪᠤᠯᠵᠢᠯᠠᠭᠴᠢ 12 ᠰᠠᠷ᠎ᠠ ᠶᠢᠨ 18 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ | ᠤᠶᠢᠯᠠᠭᠠᠬᠰᠠᠨ ᠢᠶᠠᠷ᠂2020 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ 12 ᠰᠠᠷ᠎ᠠ ᠶᠢᠨ 21 ᠤ | ᠡᠳᠦᠷ ᠠᠴᠠ 23 ᠤ ᠡᠳᠦᠷ ᠪᠣᠯᠲᠠᠯ᠎ᠠ ᠶᠠᠪᠤᠭᠳᠠᠨᠡ᠂ ᠠᠰᠫᠢᠷᠠᠨᠲ ᠰᠢᠯᠭᠠᠭᠤᠯᠬᠤ ᠪᠠᠷ 341 ᠲᠦᠮᠡᠨ ᠬᠥᠮᠥᠨ ᠨᠡᠷ᠎ᠡ | ᠮᠡᠳᠡᠭᠦᠯᠪᠡ᠃ ᠥᠨᠥᠳᠥᠷ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠦᠯᠵᠢᠶᠡᠨ ᠳᠡᠭᠡᠷ᠎ᠡ ᠨᠡᠶᠢᠳᠡᠯᠡᠭᠰᠡᠨ | 2020 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠪᠠᠶᠢᠴᠠᠭᠠᠯᠳᠠ ᠶᠢᠨ ᠮᠡᠳᠡᠬᠦᠯᠦᠯᠳᠡ ᠳᠤ | ᠢᠯᠡᠷᠡᠭᠦᠯᠦᠭᠰᠡᠨ ᠢᠶᠠᠷ᠂ 2015 ᠣᠨ ᠠᠴᠠ ᠨᠠᠰᠢ᠂ ᠮᠠᠨ ᠤ ᠤᠯᠤᠰ ᠤᠨ ᠠᠰᠫᠢᠷᠠᠨᠲ ᠰᠢᠯᠭᠠᠭᠤᠯᠬᠤ ᠬᠥᠮᠦᠨ ᠤ | ᠲᠤᠭ᠎ᠠ ᠵᠠᠯᠭᠠᠭ᠎ᠠ ᠪᠠᠷ ᠰᠢᠨ᠎ᠡ ᠲᠡᠮᠳᠡᠭᠯᠡᠯ ᠢ ᠡᠭᠦᠳᠴᠦ᠂ 2019 ᠣᠨ ᠳᠤ 290 ᠲᠦᠮᠡᠨ ᠬᠦᠮᠦᠨ ᠬᠦᠷᠴᠦ᠂ ᠡᠨᠡ | ᠵᠢᠯ ᠠᠩᠬ᠎ᠠ ᠤᠳᠠᠭ᠎ᠠ 300 ᠲᠦᠮᠡᠨ ᠬᠦᠮᠦᠨ ᠢ ᠳᠠᠪᠠᠪᠠ᠃ | ᠲᠣᠰ ᠮᠡᠳᠡᠭᠦᠯᠦᠯᠲᠡ ᠠᠴᠠ ᠪᠠᠰᠠ ᠣᠯᠵᠤ ᠮᠡᠳᠡᠭᠰᠡᠨ ᠨᠢ᠂ ᠰᠤᠷᠭᠠᠨ ᠬᠥᠮᠦᠵᠢᠯ ᠤᠨ ᠶᠠᠮᠤᠨ ︽ᠬᠤᠤᠰ | ᠲᠡᠷᠢᠭᠦᠨ ᠳᠡᠰ︾ ᠤᠨ ᠪᠠᠶᠢᠭᠤᠯᠤᠯᠳᠠ ᠶᠢ ᠡᠬᠢᠯᠡᠭᠦᠯᠦᠭᠰᠡᠨ ᠤ ᠳᠠᠷᠠᠭ᠎ᠠ᠂ ︽ᠬᠤᠤᠰ ᠲᠡᠷᠢᠭᠦᠨ ᠳᠡᠰ︾ ᠤᠨ ᠶᠡᠭᠡ | ᠳᠡᠭᠡᠳᠦ ᠰᠤᠷᠭᠠᠭᠤᠯᠢ ᠨᠢ ᠠᠰᠫᠢᠷᠠᠨᠲ ᠤᠨ ᠰᠤᠷᠭᠠᠨ ᠬᠥᠮᠦᠵᠢᠯ ᠤᠨ ᠬᠡᠪᠴᠢᠶ᠎ᠡ ᠪᠠᠨ ᠲᠠᠰᠤᠷᠠᠯᠲᠠ ᠥᠬᠡᠶ | ᠥᠷᠭᠡᠳᠬᠡᠵᠡᠶ᠃ ᠡᠭᠦᠨ ᠳᠤ᠂ ᠲᠠᠨᠢᠯᠴᠠᠭᠤᠯᠬᠤ ᠪᠠ ᠬᠡᠯᠲᠦᠷᠢᠭᠦᠯᠬᠦ ᠶᠢ ᠰᠤᠳᠤᠯᠬᠤ ᠰᠤᠷᠤᠭᠴᠢ ᠡᠯᠰᠡᠬᠦ | ᠥᠭᠡᠷᠡᠴᠢᠯᠡᠯᠲᠡ ᠶᠢᠨ ᠬᠠᠶᠢᠨ ᠰᠦᠪᠡᠭᠴᠢᠯᠡᠯᠲᠡ ᠶᠢᠨ ᠨᠢᠭᠡ ᠵᠦᠢᠯ ᠤᠨ ᠠᠷᠭ᠎ᠠ ᠬᠡᠯᠪᠡᠷᠢ ᠪᠣᠯᠭᠠᠬᠰᠠᠨ ᠢᠶᠠᠷ ᠶᠡᠭᠡ | ᠳᠡᠭᠡᠳᠦ ᠰᠤᠷᠭᠠᠭᠤᠯᠢ ᠶᠢᠨ ᠨᠡᠶᠢᠳᠡᠮ ᠤᠨ ᠬᠦᠷᠢᠶᠡᠯᠡᠯ ᠢ ᠣᠯᠤᠭᠰᠠᠨ ᠪᠥᠭᠡᠳ ︽ᠬᠤᠤᠰ ᠲᠡᠷᠢᠭᠦᠨ ᠳᠡᠰ︾ ᠤᠨ ᠶᠡᠭᠡ | ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠴᠢᠬᠤᠯᠠ ᠠᠷᠭ᠎ᠠ ᠵᠠᠮ ᠤᠨ ᠨᠢᠭᠡ ᠪᠣᠯᠤᠭᠰᠠᠨ ᠪᠠᠶᠢᠨ᠎ᠠ᠃ | ᠭᠡᠪᠡᠴᠦ ᠨᠢᠭᠡᠳᠦᠯᠲᠡᠶ ᠰᠢᠯᠭᠠᠯᠳᠠ ᠳᠤ ᠰᠢᠯᠭᠠᠬᠤ 70% ᠣᠷᠴᠢᠮ ᠤᠨ ᠰᠢᠯᠭᠠᠭᠤᠯᠤᠭᠴᠢ | ᠲᠠᠨᠢᠯᠴᠠᠭᠤᠯᠬᠤ ᠪᠠ ᠬᠡᠯᠲᠦᠷᠢᠭᠦᠯᠬᠦ ᠬᠢᠷᠢ ᠬᠡᠮ ᠢ ᠤᠯᠬᠤ ᠨᠢ ᠲᠡᠶᠢᠮᠦ ᠬᠢᠯᠪᠠᠷ ᠶᠠᠪᠤᠳᠠᠯ ᠪᠢᠰᠢ ᠭᠡᠵᠦ ᠦᠵᠡᠵᠦ | ᠪᠠᠶᠢᠨ᠎ᠠ᠃ ᠮᠡᠳᠡᠭᠦᠯᠦᠯᠲᠡ ᠠᠴᠠ ᠦᠵᠡᠪᠡᠯ᠂ ᠰᠤᠷᠤᠭᠴᠢ ᠡᠯᠰᠡᠬᠦ ᠨᠢᠭᠡᠴᠡ ᠶᠢᠨ ᠬᠢᠨ ᠰᠤᠷᠤᠭᠴᠢ ᠡᠯᠰᠡᠬᠦ ᠳᠤ ᠲᠤᠰᠬᠠᠶ | ᠮᠡᠷᠭᠡᠵᠢᠯ ᠤᠨ ᠮᠡᠳᠡᠯᠭᠡ ᠶᠢᠨ ᠨᠥᠭᠡᠴᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠥᠩᠭᠡᠷᠡᠯᠲᠡ ᠪᠣᠯ ᠬᠠᠮᠤᠭ ᠤᠨ | ᠴᠢᠬᠤᠯᠠ ᠬᠤᠶᠠᠷ ᠬᠦᠴᠦᠨ ᠵᠦᠢᠯ ᠪᠤᠯᠤᠨ᠎ᠡ ᠭᠡᠵᠦ ᠦᠵᠡᠵᠦ ᠪᠤᠢ︔ 50 ᠠᠴᠠ ᠳᠡᠭᠡᠭᠰᠢᠬᠢ ᠰᠤᠷᠤᠬᠴᠢ ᠡᠯᠰᠡᠬᠦ | ᠨᠢᠭᠡᠴᠡ ᠶᠢᠨ ᠬᠢᠨ ᠰᠠᠨᠠᠯ ᠪᠤᠳᠤᠯ ᠢᠶᠠᠨ ᠰᠣᠯᠢᠯᠴᠠᠬᠤ ᠴᠢᠳᠠᠪᠤᠷᠢ᠂ ᠵᠢᠩᠬᠢᠨᠢ ᠠᠩᠭᠢ ᠶᠢᠨ ᠶᠡᠭᠡ ᠳᠡᠭᠡᠳᠦ | ᠰᠤᠷᠭᠠᠭᠤᠯᠢ ᠶᠢᠨ ᠳᠡᠰ ᠳᠠᠪᠬᠤᠷᠭ᠎ᠠ᠂ ᠤᠷᠤᠯᠳᠤᠭᠠᠨ ᠳᠤ ᠱᠠᠩᠨᠠᠯ ᠤᠯᠤᠬᠰᠠᠨ ᠪᠠᠶᠢᠳᠠᠯ ᠨᠢ ᠴᠤ ᠮᠠᠰᠢ ᠴᠢᠬᠤᠯᠠ | ᠬᠡᠵᠦ ᠦᠵᠡᠵᠦ ᠪᠤᠢ︔ 40% ᠰᠢᠬᠠᠮ ᠤᠨ ᠰᠤᠷᠤᠭᠴᠢ ᠡᠯᠰᠡᠬᠦ ᠨᠢᠭᠡᠴᠡ ᠶᠢᠨ ᠬᠢᠨ ᠠᠰᠫᠢᠷᠠᠨᠲ ᠤᠡᠭᠰᠢᠬᠤ | ᠬᠠᠷᠠᠯᠲᠠ᠂ ᠵᠢᠩᠬᠢᠨᠢ ᠠᠩᠭᠢ ᠶᠢᠨ ᠬᠢᠷᠢ ᠪᠦᠲᠦᠮᠵᠢ ᠶᠢ ᠨᠡᠯᠢᠶᠡᠳ ᠴᠢᠬᠤᠯᠠᠴᠢᠯᠠᠨ ᠦᠵᠡᠵᠦ ᠪᠤᠢ︔ ᠵᠢᠩᠭᠢᠨᠢ | ᠠᠩᠭᠢ ᠶᠢᠨ ᠲᠤᠰᠬᠠᠢ ᠮᠡᠷᠭᠡᠵᠢᠯ᠂ ᠨᠢᠭᠤᠷᠳᠠᠨ ᠰᠢᠯᠭᠠᠬᠰᠠᠨ ᠰᠢᠯᠭᠠᠯᠲᠠ ᠶᠢᠨ ᠬᠢᠷᠢ ᠪᠦᠲᠦᠮᠵᠢ ᠶᠢ | ᠴᠢᠬᠤᠯᠠᠴᠢᠯᠠᠬᠤ ᠪᠠᠷ ᠬᠠᠷᠢᠴᠠᠩᠭᠤᠶ ᠳᠣᠤᠷ᠎ᠠ ᠪᠠᠶᠢᠨ᠎ᠠ᠃ | ᠮᠡᠳᠡᠭᠦᠯᠦᠯᠲᠡ ᠠᠴᠠ ᠦᠵᠡᠪᠡᠯ᠂ ᠤᠶᠢᠷ᠎ᠠ ᠶᠢᠨ ᠵᠢᠯ ᠳᠤ ᠠᠰᠫᠢᠷᠠᠨᠲ ᠰᠢᠯᠭᠠᠭᠤᠯᠬᠤ ᠪᠠᠷ ᠨᠡᠷ᠎ᠡ | ᠮᠡᠳᠡᠭᠦᠯᠦᠭᠰᠡᠨ ᠬᠠᠯᠠᠮᠰᠢᠯ ᠲᠤᠰᠬᠠᠶ ᠮᠡᠷᠭᠡᠵᠢᠯ ᠪᠣᠯ ᠮᠥᠩᠭᠦᠨ ᠬᠦᠢᠯᠭᠡᠭᠡ᠂ ᠬᠠᠤᠯᠢ ᠴᠠᠭᠠᠵᠠ᠂ ᠰᠣᠨᠢᠨ ᠮᠡᠳᠡᠭᠡ | ᠬᠢᠭᠡᠳ ᠳᠠᠮᠵᠢᠭᠤᠯᠭ᠎ᠠ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠵᠡᠷᠭᠡ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠷᠥᠯ ᠤᠨ ᠲᠤᠰᠬᠠᠶ ᠮᠡᠷᠭᠡᠵᠢᠯ ᠪᠣᠯᠤᠨ᠎ᠠ᠂ ᠲᠧᠭᠨᠢᠭ ᠤᠨ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ | ᠬᠠᠯᠠᠮᠰᠢᠯ ᠨᠢ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠠᠴᠠ ᠬᠤᠯᠠ ᠳᠣᠤᠷ᠎ᠠ | ᠪᠠᠶᠢᠨ᠎ᠠ᠃ ᠭᠡᠪᠡᠴᠦ ᠵᠢᠩᠬᠢᠨᠢ ᠠᠩᠭᠢ ᠠᠴᠠ ᠲᠡᠭᠦᠰᠦᠭᠰᠡᠳ ᠵᠢᠴᠢ ᠠᠰᠫᠢᠷᠠᠨᠲ ᠲᠡᠭᠦᠰᠦᠭᠰᠡᠳ ᠤᠨ ᠠᠵᠢᠯ | ᠣᠯᠭᠤᠯᠲᠠ ᠶᠢᠨ ᠪᠠᠶᠢᠳᠠᠯ ᠠᠴᠠ ᠦᠵᠡᠪᠡᠯ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ | ᠮᠡᠷᠭᠡᠵᠢᠯ ᠠᠴᠠ ᠲᠡᠭᠦᠰᠦᠭᠰᠡᠳ ᠤᠨ ᠠᠵᠢᠯ ᠣᠯᠤᠬᠰᠠᠨ ᠨᠣᠷᠮ᠎ᠠ ᠪᠤᠶᠤ ᠴᠠᠯᠢᠩ ᠬᠥᠯᠥᠰᠥ ᠨᠢ ᠴᠥᠮ ᠲᠧᠭᠨᠢᠭ ᠤᠨ | ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠠᠴᠠ ᠲᠡᠭᠦᠰᠦᠭᠰᠡᠳ ᠢ ᠬᠦᠷᠬᠦ ᠥᠬᠡᠶ ᠪᠠᠶᠢᠨ᠎ᠠ᠃ ᠲᠡᠷᠡᠴᠢᠯᠡᠨ | ᠪᠠᠶᠢᠭᠠᠯᠢ ᠲᠧᠭᠨᠢᠭ ᠤᠨ ᠤᠬᠠᠭᠠᠨ ᠤ ᠲᠤᠰᠬᠠᠶ ᠮᠡᠷᠭᠡᠵᠢᠯ᠂ ᠢᠯᠠᠩᠭᠤᠶ᠎ᠠ ᠲᠧᠭᠨᠢᠭ ᠤᠨ ᠤᠬᠠᠭᠠᠨ ᠤ ᠲᠤᠰᠬᠠᠶ ᠮᠡᠷᠭᠡᠵᠢᠯ | ᠨᠢ ᠨᠡᠶᠢᠭᠡᠮ ᠤᠨ ᠬᠡᠷᠡᠭᠴᠡᠭᠡ ᠪᠠᠷ ᠨᠠᠩ ᠶᠡᠭᠡ ᠪᠠᠶᠢᠨ᠎ᠠ᠃ |