ᠰᠤᠷᠭᠠᠨ ᠬᠦᠮᠥᠵᠢᠯ ᠤᠨ ᠶᠠᠮᠤᠨ 2020 ᠤᠨ ᠤ ᠠᠰᠫᠢᠷᠠᠨᠲ ᠤᠨ ᠰᠢᠯᠭᠠᠯᠳᠠ ᠶᠢᠨ ᠳᠦᠷᠢᠮ ᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠤᠳᠠᠰᠤ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2019-12-23
       ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 18 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠱᠢ ᠢᠤᠢ ᠼᠧᠨ︶ 2020 ᠤᠨ ᠤ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠳᠠ 12 ᠰᠠᠷ᠎ᠠ ᠶᠢᠨ 21 ᠠᠴᠠ 23 ᠤ ᠡᠳᠤᠷ ᠪᠤᠯᠳᠠᠯ᠎ᠠ ᠶᠠᠪᠤᠭᠳᠠᠨ᠎ᠠ᠂ ᠰᠢᠯᠭᠠᠭᠤᠯᠬᠤ ᠪᠠᠷ ᠨᠡᠷ᠎ᠡ ᠮᠡᠳᠡᠬᠦᠯᠥᠭᠰᠡᠳ 341 ᠲᠦᠮᠡᠨ ᠬᠦᠮᠥᠨ  ᠪᠠᠶᠢᠨ᠎ᠠ᠃ ᠰᠢᠯᠭᠠᠯᠳᠡ ᠳᠤ ᠬᠤᠯᠪᠤᠭᠳᠠᠭᠰᠠᠠ ᠬᠠᠤᠯᠢ ᠶᠢ ᠵᠦᠷᠢᠴᠡᠭᠰᠡᠡ ᠠᠵᠢᠯᠯᠠᠭ᠎ᠠ ᠳᠤ ᠴᠢᠩᠭ᠎ᠠ ᠴᠤᠬᠢᠯᠳᠡ ᠦᠭᠴᠦ᠂ ᠰᠢᠯᠭᠠᠯᠳᠠ ᠶᠢᠨ ᠰᠠᠬᠢᠯᠭ᠎ᠠ ᠪᠠᠳᠤ ᠶᠢ ᠴᠢᠩᠳᠠᠯᠠᠵᠥ᠂  ᠰᠢᠯᠭᠠᠭᠤᠯᠤᠭᠰᠠᠳ ᠤᠨ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ ᠶᠢᠨ ᠲᠦᠯᠥᠬᠡ᠂ ᠰᠤᠷᠭᠠᠨ ᠬᠦᠮᠥᠵᠢᠯ ᠤᠨ ᠶᠠᠮᠤᠨ 2020 ᠤᠨ ᠤ ᠠᠰᠫᠢᠷᠠᠨᠲ ᠤᠨ ᠰᠢᠯᠭᠠᠯᠳᠠ ᠶᠢᠨ ᠲᠦᠷᠢᠮ ᠢ ᠵᠦᠷᠢᠴᠡᠵᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠤᠳᠠᠰᠤ ᠶᠢ ᠨᠡᠶᠢᠳᠡᠯᠡᠪᠡ᠃        ᠲᠠᠨᠢᠯᠴᠠᠭᠤᠯᠤᠬᠰᠠᠠ ᠢᠶᠠᠷ᠂  ᠤᠢᠢᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠰᠤᠷᠭᠠᠨ ᠬᠦᠮᠥᠵᠢᠯ᠂ ᠲᠤᠳᠤᠭᠠᠳᠤ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠬᠢ᠂ ᠠᠵᠥ ᠦᠢᠯᠡᠳᠪᠤᠷᠢ ᠪᠡ ᠮᠡᠳᠡᠭᠡ ᠵᠠᠩᠬᠢ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠤᠷᠠᠨ ᠰᠢᠯᠭᠠᠯᠳᠠ ᠶᠢᠨ ᠤᠷᠴᠢᠨ  ᠲᠤᠭᠤᠷᠢᠨ ᠢ ᠶᠡᠷᠤᠩᠬᠡᠶᠢᠯᠡᠨ ᠵᠠᠰᠠᠬᠤ ᠠᠵᠢᠯ ᠦᠷᠨᠢᠬᠦᠯᠵᠥ ᠪᠠᠶᠢᠨ᠎ᠠ᠃ ᠰᠢᠯᠭᠠᠯᠳᠡ ᠳᠤ ᠬᠤᠯᠪᠤᠭᠳᠠᠭᠰᠠᠠ ᠬᠠᠤᠯᠢ ᠲᠦᠷᠢᠮ ᠢ ᠵᠦᠷᠢᠴᠡᠭᠰᠡᠡ ᠠᠵᠢᠯᠯᠠᠭ᠎ᠠ ᠳᠤ᠂ ᠬᠠᠮᠢᠶ᠎ᠠ ᠪᠦᠬᠦᠢ ᠰᠠᠯᠠᠭ᠎ᠠ ᠮᠦᠴᠢᠷ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠤᠷᠢᠯᠡᠬᠦ ᠪᠤᠯᠤᠨ᠎ᠠ᠃        ᠰᠤᠷᠭᠠᠨ ᠬᠦᠮᠥᠵᠢᠯ ᠤᠨ ᠶᠠᠮᠤᠨ ᠦᠷᠬᠡᠨ ᠤᠯᠠᠨ ᠰᠢᠯᠭᠠᠭᠤᠯᠤᠬᠰᠠᠳ ᠲᠤ᠂ ᠬᠠᠤᠯᠢ ᠶᠢᠨ ᠤᠬᠠᠮᠰᠠᠷ ᠢᠶᠠᠨ ᠲᠡᠭᠡᠭᠰᠢᠯᠡᠬᠦᠯᠵᠥ᠂ ᠤᠬᠠᠮᠰᠠᠷ ᠠᠴᠠ ᠪᠠᠨ ᠬᠠᠤᠯᠢ ᠶᠢ ᠰᠤᠷᠤᠯᠴᠠᠵᠥ ᠬᠠᠤᠯᠢ ᠶᠢ ᠮᠡᠳᠡᠵᠥ᠂ ᠬᠠᠤᠯᠢ ᠶᠢ ᠵᠢᠷᠤᠮᠯᠠᠨ ᠬᠠᠤᠯᠢ ᠶᠢ ᠰᠠᠬᠢᠵᠥ᠂ ᠦᠨᠡᠨᠴᠢ ᠢᠳᠡᠬᠡᠮᠵᠢ ᠲᠠᠢ ᠪᠠᠷ ᠰᠢᠯᠭᠠᠯᠳᠡ ᠳᠤ ᠤᠷᠤᠯᠴᠠᠵᠥ᠂ ᠰᠢᠯᠭᠠᠯᠳᠡ ᠳᠤ ᠬᠤᠯᠪᠤᠭᠳᠠᠭᠰᠠᠠ  ᠬᠠᠤᠯᠢ ᠶᠢ ᠵᠦᠷᠢᠴᠡᠭᠰᠡᠡ ᠶᠠᠯᠠᠳᠤ ᠠᠵᠢᠯᠯᠠᠭ᠎ᠠ ᠳᠤ ᠤᠷᠤᠯᠴᠠᠬᠤ ᠦᠬᠡᠢ ᠪᠠᠶᠢᠬᠤ ᠬᠡᠷᠡᠭᠳᠡᠢ᠂ ᠡᠬᠦᠨ ᠤ ᠵᠡᠷᠬᠡ ᠪᠠᠷ᠂ ᠵᠠᠷᠢᠮ ᠨᠡᠶᠢᠬᠡᠮ ᠤᠨ ᠪᠤᠯᠪᠠᠰᠤᠷᠠᠯ ᠤᠨ ᠪᠠᠶᠢᠭᠤᠯᠤᠮᠵᠢ ᠶᠢᠨ ︽ᠯᠠᠪᠳᠠᠢ ᠦᠩᠬᠡᠷᠡᠬᠦᠯᠥᠨ᠎ᠡ︾᠂ ︽ᠪᠠᠳᠤᠳᠠᠢ ᠦᠩᠬᠡᠷᠡᠬᠦᠯᠥᠨ᠎ᠡ︾ ᠭᠡᠬᠦ ᠮᠡᠳᠦ ᠶᠢᠨ ᠬᠤᠳᠠᠯ ᠬᠠᠭᠤᠷᠮᠠᠭ ᠤᠬᠠᠭᠤᠯᠭ᠎ᠠ ᠶᠢ ᠢᠳᠡᠬᠡᠬᠦ ᠦᠬᠡᠢ᠂ ︽ᠰᠢᠯᠭᠠᠯᠳᠠ ᠶᠢᠨ ᠰᠡᠳᠤᠪ︾᠂  ︽ᠬᠠᠷᠢᠭᠤᠯᠳᠠ︾  ᠭᠡᠬᠦ ᠶᠢ ᠨᠢ ᠬᠤᠳᠠᠯᠳᠤᠨ ᠠᠪᠬᠤ ᠦᠬᠡᠢ ᠪᠠᠶᠢᠵᠤ᠂ ᠮᠡᠬᠡᠯᠡᠭᠳᠡᠬᠦ ᠠᠴᠠ ᠰᠡᠷᠡᠮᠵᠢᠯᠡᠬᠦ ᠬᠡᠷᠡᠭᠳᠠᠢ ᠬᠡᠵᠥ ᠲᠦᠪ ᠴᠢᠩᠭ᠎ᠠ ᠰᠠᠨᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号