ᠥᠪᠥᠷ ᠮᠣᠩᠭᠤᠯ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ ᠨᠠᠶᠢᠳᠠᠪᠤᠷᠢᠵᠢᠭᠤᠯᠤᠭᠰᠠᠨ ᠲᠤᠭ᠎ᠠ 14.57 ᠲᠦᠮᠡᠨ ᠬᠥᠮᠦᠨ ᠳᠤ  ᠬᠦᠷᠪᠡ
ᠨᠡᠶᠢᠲᠡᠯᠡᠭᠰᠡᠨ ᠴᠠᠭ᠄
2019-12-26
        12 ᠳ᠋ᠤᠭᠠᠷ ᠰᠠᠷ᠎ᠠ ᠶᠢᠨ 17 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠢᠮᠠᠭᠲᠠ ᠠᠵᠢᠯ ᠣᠯᠭᠤᠬᠤ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠂ ᠠᠵᠢᠯ ᠣᠯᠭᠤᠬᠤ ᠠᠷᠭ᠎ᠠ ᠵᠠᠮ ᠢ ᠠᠷᠭ᠎ᠠ ᠪᠦᠬᠦᠨ ᠢ ᠰᠦᠪᠡᠭᠴᠢᠯᠡᠨ ᠥᠷᠭᠡᠳᠬᠡᠵᠦ ᠪᠠᠶᠢᠨ᠎ᠠ᠃ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂  ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ ᠨᠠᠶᠢᠳᠠᠪᠤᠷᠢᠵᠢᠭᠤᠯᠤᠭᠰᠠᠨ ᠲᠤᠭ᠎ᠠ 14.57ᠲᠦᠮᠡᠨ ᠬᠥᠮᠦᠨ  ᠳᠤ ᠬᠦᠷᠴᠦ᠂ 13 ᠲᠦᠮᠡᠨ ᠬᠥᠮᠦᠨ ᠤ ᠣᠨ ᠤ ᠲᠥᠯᠥᠪᠯᠡᠭᠡ ᠶᠢ 112.1 % ᠪᠠᠷ ᠪᠡᠶᠡᠯᠡᠭᠦᠯᠵᠦ᠂ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃         ᠡᠨᠡ ᠵᠢᠯ ᠠᠴᠠ ᠨᠠᠰᠢ᠂ ᠪᠥᠬᠦ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽2019 ᠣᠨ ᠤ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠂ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ  ᠲᠤᠬᠠᠶ ᠮᠡᠳᠡᠭᠳᠡᠯ︾᠂ ︽ᠲᠡᠭᠦᠰᠦᠭᠰᠡᠳ ᠤᠨ ᠠᠵᠢᠯ ᠡᠷᠢᠵᠦ ᠠᠳᠠᠯ ᠦᠶᠯᠡᠰ ᠴᠣᠭᠴᠠᠯᠠᠬᠤ ᠨᠥᠬᠦᠪᠥᠷᠢ ᠶᠢ ᠲᠠᠷᠬᠠᠭᠠᠬᠤ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠳᠠᠳᠤᠯᠭ᠎ᠠ ᠶᠢᠨ ᠠᠵᠢᠯ ᠪᠠ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ  ᠠᠭᠤᠯᠭ᠎ᠠ ᠳᠤ ᠲᠣᠳᠣᠷᠬᠠᠶ ᠲᠣᠭᠲᠠᠭᠠᠯ ᠭᠠᠷᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠢ ᠬᠦᠴᠦᠲᠡᠶ ᠠᠬᠢᠭᠤᠯᠪᠠ᠃ ᠡᠭᠦᠨ ᠤ ᠬᠠᠮᠲᠤ᠂ ᠦᠨᠳᠦᠰᠦᠨ ᠱᠠᠲᠤᠨ ᠤ ᠦᠶᠯᠡᠴᠢᠯᠡᠭᠡᠨ ᠤ ᠲᠥᠷᠥᠯ ᠵᠦᠶᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠪᠥᠬᠦ ᠣᠷᠣᠨ ᠳᠤ ︽ᠭᠤᠷᠪᠠ ᠶᠢ ᠳᠠᠮᠵᠢᠵᠤ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠲᠠᠨ ᠢ ᠨᠡᠶᠢᠲᠡ 7500 ᠡᠯᠰᠡᠪᠡ᠃ ᠤᠶᠤᠲᠠᠳ ᠤᠨ ᠠᠳᠠᠯ ᠦᠶᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠤᠨ ᠯᠧᠺᠲ᠋ᠣᠷ ᠤᠨ ᠠᠩᠭᠢ᠂ ᠪᠠᠭᠰᠢ ᠶᠢᠨ ᠠᠩᠭᠢ ᠪᠠ ᠳᠡᠭᠡᠭᠰᠢᠯᠡᠭᠦᠯᠬᠦ ᠠᠩᠭᠢ ᠶᠢ ᠡᠷᠬᠢᠯᠡᠵᠦ᠂ ᠠᠳᠠᠯ ᠦᠶᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠭᠠᠶᠢᠯᠢ ᠲᠦᠯᠦᠪᠤᠷᠢ ᠶᠢ ᠬᠠᠰᠤᠵᠤ ᠬᠡᠯᠲᠦᠷᠢᠭᠦᠯᠬᠦ᠂ ᠠᠳᠠᠯ ᠦᠶᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ᠂ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 11ᠰᠠᠷ᠎ᠠ ᠶᠢᠨ ᠰᠡᠭᠦᠯᠴᠢ ᠪᠣᠯᠲᠠᠯ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 8642 ᠬᠥᠮᠦᠨ ᠠᠳᠠᠯ ᠦᠶᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠵᠤ᠂ 16192  ᠲᠦᠮᠡᠨ ᠲᠥᠭᠦᠷᠢᠭ ᠤᠨ ᠠᠳᠠᠯ ᠦᠶᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ᠂ 20.1 ᠲᠦᠮᠡᠨ ᠲᠥᠭᠦᠷᠢᠭ ᠤᠨ ᠠᠳᠠᠯ ᠦᠶᠯᠡᠰ  ᠴᠣᠭᠴᠠᠯᠠᠬᠤ ᠨᠥᠬᠦᠪᠥᠷᠢ ᠲᠠᠷᠬᠠᠭᠠᠵᠤ᠂ 4808 ᠬᠥᠮᠦᠨ ᠢ ᠲᠡᠳᠬᠦᠨ ᠳᠠᠮᠵᠢᠵᠤ᠂ 8425 ᠬᠥᠮᠦᠨ ᠤ ᠠᠵᠢᠯ ᠣᠯᠬᠤ ᠶᠢ ᠳᠠᠶᠢᠴᠢᠯᠠᠪᠠ᠃         ᠡᠭᠦᠨ ᠠᠴᠠ ᠭᠠᠳᠠᠨ᠎ᠠ᠂ ᠡᠨᠡ ᠵᠢᠯ ᠤᠨ 4 ᠰᠠᠷ᠎ᠠ ᠠᠴᠠ ᠡᠬᠢᠯᠡᠨ᠂ ᠪᠥᠬᠦ ᠣᠷᠣᠨ ᠤ ᠬᠡᠪᠴᠢᠶᠡᠨ ᠳᠤ ᠠᠵᠢᠯ ᠣᠯᠭᠤᠯᠲᠠ ᠶᠢᠨ ᠦᠶᠯᠡᠴᠢᠯᠡᠭᠡ ᠶᠢ ᠠᠵᠤ ᠠᠬᠤᠶᠢᠯᠠᠯ᠂  ᠰᠤᠷᠭᠠᠭᠤᠯᠢ ᠶᠢᠨ ᠬᠦᠷᠢᠶ᠎ᠡ᠂ ᠴᠡᠷᠢᠭ ᠤᠨ ᠬᠤᠸᠠᠷᠠᠨ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠳᠤ ᠣᠷᠤᠭᠤᠯᠬᠤ᠂ ᠲᠥᠷᠥ ᠶᠢᠨ ᠪᠣᠳᠣᠯᠭ᠎ᠠ᠂ ᠠᠵᠢᠯ ᠶᠢᠨ ᠪᠠᠶᠢᠷᠢ᠂ ᠪᠣᠯᠪᠠᠰᠤᠷᠠᠯ᠂ ᠦᠶᠯᠡᠴᠢᠯᠡᠭᠡ ᠬᠦᠷᠭᠡᠬᠦ ᠵᠡᠷᠭᠡ ︽ᠲᠠᠪᠤ ᠶᠢ ᠣᠷᠣᠭᠤᠯᠬᠤ︾᠂ ︽ᠳᠥᠷᠪᠡ ᠶᠢ ᠬᠦᠷᠭᠡᠬᠦ︾ ᠠᠵᠢᠯᠯᠠᠭ᠎ᠠ ᠶᠢ ᠥᠷᠨᠢᠭᠦᠯᠪᠡ᠃ ᠬᠠᠪᠤᠷ ᠤᠨ ᠰᠠᠯᠬᠢ ᠠᠵᠢᠯᠯᠠᠭ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠭᠠᠷᠠᠭ᠂ ᠠᠯᠲᠠᠨ ᠨᠠᠮᠤᠷ ᠤᠨ ᠠᠵᠢᠯᠲᠠᠨ ᠡᠯᠰᠡᠬᠦ ᠰᠠᠷ᠎ᠠ᠂ ᠪᠡᠭᠡᠵᠢᠩ ᠥᠪᠥᠷ ᠮᠣᠩᠭᠤᠯ ᠪᠣᠯᠤᠨ ᠡᠷᠭᠢᠨ ᠲᠣᠭᠤᠷᠢᠨ ᠤ ᠬᠥᠳᠡᠯᠮᠦᠷᠢ  ᠦᠶᠯᠡᠴᠢᠯᠡᠭᠡ ᠶᠢ ᠵᠣᠯᠭᠠᠭᠤᠯᠬᠤ᠂ ᠴᠢᠳᠠᠪᠤᠷᠢᠲᠠᠨ ᠤ ᠰᠣᠯᠢᠯᠴᠠᠭᠠᠨ ᠤ ᠬᠤᠷᠠᠯ ᠵᠡᠷᠭᠡ ᠣᠯᠠᠨ ᠵᠦᠶᠯ ᠤᠨ ᠬᠡᠯᠪᠡᠷᠢ ᠶᠢᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ  ᠦᠶᠯᠡᠴᠢᠯᠡᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠶᠢᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ︵ᠰᠤᠷᠪᠤᠯᠵᠢᠯᠠᠭᠴᠢ ᠾᠥᠸᠧ ᠰᠢᠶᠣᠤ ᠴᠢᠩ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号