2020 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠥᠪᠥᠷ ᠮᠣᠩᠭᠤᠯ ᠤᠷᠤᠨ ᠤ 75366 ᠬᠥᠮᠥᠨ ᠨᠡᠷ᠎ᠡ ᠮᠡᠳᠡᠭᠦᠯᠪᠡ
ᠨᠡᠶᠢᠲᠡᠯᠡᠭᠰᠡᠨ ᠴᠠᠭ᠄
2019-12-26
        12 ᠰᠠᠷ᠎ᠠ ᠶᠢᠨ 21 ᠤ ᠡᠳᠦᠷ᠂ 2020 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠡᠬᠢᠯᠡᠪᠡ᠃ ᠰᠢᠯᠭᠠᠯᠳᠠ ᠨᠢ 12 ᠰᠠᠷ᠎ᠠ ᠶᠢᠨ 21 ᠠᠴᠠ  23 ᠤ ᠡᠳᠦᠷ ᠪᠤᠯᠳᠠᠯ᠎ᠠ ᠶᠠᠪᠤᠭᠳᠠᠨ᠎ᠠ᠃ ᠥᠪᠥᠷ ᠮᠣᠩᠭᠤᠯ ᠣᠷᠣᠨ ᠤ ᠰᠢᠯᠭᠠᠯᠲᠠ ᠳᠤ ᠨᠡᠷ᠎ᠡ ᠮᠡᠳᠡᠭᠦᠯᠦᠭᠰᠡᠳ ᠨᠡᠶᠢᠲᠡ 75366 ᠬᠥᠮᠥᠨ ᠪᠠᠶᠢᠵᠤ᠂ ᠨᠡᠷ᠎ᠡ ᠮᠡᠳᠡᠬᠦᠯᠦᠭᠰᠡᠳ ᠨᠢᠳᠤᠨᠤᠨ ᠤ ᠬᠢ ᠠᠴᠠ 26.5% ᠪᠠᠷ ᠨᠡᠮᠡᠭᠳᠡᠵᠡᠶ᠃ ᠪᠥᠬᠦ ᠣᠷᠣᠨ ᠤ 12 ᠠᠶᠢᠮᠠᠭ ᠬᠤᠲᠠ ᠪᠣᠯᠤᠨ 8 ᠶᠡᠭᠡ ᠳᠡᠬᠡᠳᠤ ᠰᠤᠷᠭᠠᠭᠤᠯᠢ ᠶᠢᠨ ᠰᠢᠯᠭᠠᠯᠲᠠ ᠳᠤ ᠨᠡᠷ᠎ᠡ ᠮᠡᠳᠡᠭᠦᠯᠬᠦ  ᠭᠠᠵᠠᠷ ᠲᠤ ᠨᠡᠶᠢᠲᠡ 54 ᠰᠢᠯᠭᠠᠯᠲᠠ ᠶᠢᠨ ᠴᠡᠭ᠂ 2522 ᠰᠢᠯᠭᠠᠯᠲᠠ ᠶᠢᠨ ᠲᠠᠯᠠᠪᠠᠢ ᠲᠣᠬᠢᠷᠠᠭᠤᠯᠵᠠᠢ᠃ 21 ᠤ ᠡᠳᠦᠷ 8518 ᠨᠡᠷ᠎ᠡ ᠮᠡᠳᠡᠬᠦᠯᠦᠭᠰᠡᠳ ᠰᠢᠯᠭᠠᠯᠲᠠ ᠳᠤ  ᠣᠷᠣᠯᠴᠠᠭᠰᠠᠨ‌ᠦᠬᠡᠢ᠂ ᠰᠢᠯᠭᠠᠯᠳᠠ ᠳᠤ ᠤᠷᠤᠯᠴᠠᠭᠰᠠᠨ ᠦᠬᠡᠢ ᠨᠣᠷᠮ᠎ᠠ 11.3 % ᠳᠤ ᠬᠦᠷᠴᠡᠶ᠃         ᠨᠡᠷ᠎ᠡ ᠮᠡᠳᠡᠭᠦᠯᠦᠭᠰᠡᠳ ᠤᠨ ᠲᠤᠭ᠎ᠠ ᠶᠡᠭᠡ ᠬᠡᠮᠵᠢᠶ᠎ᠡ ᠪᠠᠷ ᠨᠡᠮᠡᠭᠳᠡᠭᠰᠡᠨ ᠵᠢᠴᠢ ᠰᠢᠯᠭᠠᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠣᠷᠣᠨ 2020 ᠣᠨ ᠤ ᠠᠰᠫᠢᠷᠠᠨᠲ ᠡᠯᠰᠡᠬᠦ ᠰᠢᠯᠭᠠᠯᠲᠠ ᠶᠢ ᠵᠣᠬᠢᠶᠠᠨ ᠪᠠᠶᠢᠭᠤᠯᠵᠤ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂  ᠰᠢᠯᠭᠠᠯᠲᠠ ᠶᠢᠨ ᠳᠠᠯᠠᠪᠠᠢ ᠶᠢᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠪᠠ᠃ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠴᠢ ᠲᠠᠯᠠᠪᠠᠢ ᠳᠤ ᠣᠷᠣᠬᠤ ᠳᠤ ᠨᠠᠮᠵᠢᠭᠤᠨ ᠰᠤᠳᠠᠯ ᠤᠨ ᠮᠡᠳᠡᠭᠡ ᠵᠠᠩᠭᠢ ᠪᠠᠷ ᠰᠢᠯᠭᠠᠨ ᠪᠠᠲᠤᠯᠠᠬᠤ᠂ ᠦᠨᠡᠮᠯᠡᠯ ᠢ ᠬᠠᠷᠢᠴᠠᠭᠤᠯᠤᠨ ᠬᠢᠨᠠᠨ‌‍ᠰᠢᠯᠭᠠᠬᠤ᠂ ᠰᠢᠯᠭᠠᠯᠲᠠ ᠳᠤ ᠬᠡᠷᠡᠭᠰᠡᠬᠦ ᠦᠬᠡᠢ ᠪᠣᠳᠠᠰ ᠢ ᠰᠢᠯᠭᠠᠨ ᠪᠠᠶᠢᠴᠠᠭᠠᠬᠤ ᠵᠡᠷᠭᠡ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠰᠢᠯᠭᠠᠭᠤᠯᠤᠭᠴᠢ ᠶᠢ ᠣᠷᠣᠯᠠᠨ ᠰᠢᠯᠭᠠᠬᠤ ᠵᠢᠴᠢ ᠰᠢᠯᠭᠠᠭᠤᠯᠤᠭᠴᠢ ᠰᠢᠯᠭᠠᠯᠳᠠ ᠶᠢᠨ ᠳᠠᠯᠠᠪᠠᠢ ᠳᠤ ᠬᠡᠮ ᠬᠢᠬᠦ  ᠪᠠᠭᠠᠵᠢ ᠠᠪᠴᠤ ᠤᠷᠤᠬᠤ᠂ ᠢᠯᠠᠩᠭᠤᠶ᠎ᠠ ᠳᠡᠬᠡᠳᠤ ᠰᠢᠨᠵᠢᠯᠡᠬᠦ ᠤᠬᠠᠭᠠᠨ ᠮᠡᠷᠬᠡᠵᠢᠯ ᠤᠨ ᠰᠢᠯᠭᠠᠯᠳᠠ ᠳᠤ ᠬᠡᠮ ᠬᠢᠬᠦ ᠪᠠᠭᠠᠵᠢ ᠶᠢ ᠠᠪᠴᠤ ᠰᠢᠯᠭᠠᠯᠲᠠ ᠶᠢᠨ ᠲᠠᠯᠠᠪᠠᠢ ᠳᠤ ᠣᠷᠣᠬᠤ ᠶᠢ  ᠴᠢᠩᠭ᠎ᠠ ᠬᠤᠷᠢᠭᠯᠠᠪᠠ᠃ ᠡᠯ᠎ᠡ ᠰᠢᠯᠭᠠᠯᠲᠠ ᠶᠢᠨ ᠴᠡᠭ ᠨᠢ ᠶᠡᠷᠦᠩᠬᠡᠶᠢᠯᠡᠭᠰᠡᠨ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ᠂ ᠰᠢᠯᠭᠠᠯᠲᠠ  ᠬᠢᠨᠠᠭᠴᠢ ᠶᠢ ᠮᠠᠰᠢᠨ ᠢᠶᠠᠷ ᠰᠤᠩᠭᠤᠨ ᠲᠣᠮᠢᠯᠠᠬᠤ᠂ ᠲᠦᠷᠢᠮ ᠲᠣᠭᠲᠠᠭᠠᠯ ᠢ ᠵᠥᠷᠢᠴᠡᠭᠰᠡᠨ ᠰᠢᠯᠭᠠᠭᠤᠯᠤᠭᠴᠢ ᠶᠢᠨ ᠮᠡᠳᠡᠭᠡ ᠵᠠᠩᠭᠢ᠂ ᠰᠢᠯᠭᠠᠯᠲᠠ ᠶᠢᠨ ᠶᠠᠪᠤᠳᠠᠯ ᠤᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠵᠡᠷᠭᠡ ᠠᠵᠢᠯ ᠢ ᠬᠢᠵᠦ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ  ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠵᠢᠴᠢ ᠬᠠᠮᠢᠶ᠎ᠠ ᠪᠦᠬᠦᠢ ᠠᠶᠢᠮᠠᠭ ᠬᠤᠲᠠ ᠶᠢᠨ ᠰᠤᠷᠭᠠᠨ ᠬᠥᠮᠦᠵᠢᠯ᠂  ᠳᠣᠲᠣᠭᠠᠳᠤ ᠶᠢ ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ᠂ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠤᠳ ᠢᠳᠡᠪᠬᠢᠲᠡᠢ ᠣᠷᠣᠯᠴᠠᠵᠤ᠂ ᠡᠯ᠎ᠡ ᠰᠢᠯᠭᠠᠯᠲᠠ ᠶᠢᠨ ᠴᠡᠭ ᠤᠨ ᠳᠣᠲᠣᠷ᠎ᠠ ᠭᠠᠳᠠᠨ᠎ᠠ ᠬᠠᠮᠢᠶ᠎ᠠ ᠪᠦᠬᠦᠢ ᠠᠵᠢᠯ ᠢ ᠦᠷᠨᠢᠬᠦᠯᠵᠦ ᠪᠠᠶᠢᠨ᠎ᠠ᠃  ᠵᠠᠷᠢᠮ ᠰᠠᠯᠠᠭ᠎ᠠ ᠮᠦᠴᠢᠷ ᠲᠤᠰᠬᠠᠶ ᠮᠡᠷᠭᠡᠵᠢᠯ ᠤᠨ ᠠᠵᠢᠯᠲᠠᠨ ᠳᠤᠮᠢᠯᠠᠵᠤ᠂ ᠲᠤᠰᠬᠠᠶ ᠬᠡᠷᠡᠭᠯᠡᠬᠦ ᠲᠡᠷᠭᠡ ᠬᠥᠰᠬᠡ ᠪᠣᠯᠤᠨ ᠲᠥᠬᠦᠭᠡᠷᠦᠮᠵᠢ ᠶᠢ ᠠᠰᠢᠭᠯᠠᠠ ᠰᠦᠯᠵᠢᠶᠡᠨ ᠳᠡᠭᠡᠷᠡᠬᠢ ᠬᠤᠤᠷ ᠬᠥᠨᠥᠭᠡᠯ ᠲᠠᠢ ᠮᠡᠳᠡᠭᠡ ᠵᠠᠩᠭᠢ ᠵᠢᠴᠢ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠬᠡᠪ ᠤᠨ ᠪᠤᠰᠤ ᠳᠣᠬᠢᠶ᠎ᠠ ᠶᠢ ᠪᠠᠶᠢᠴᠠᠭᠠᠨ ᠬᠤᠷᠢᠭᠯᠠᠵᠤ᠂ ᠡᠯ᠎ᠡ ᠵᠦᠢᠯ ᠤᠨ ᠰᠢᠯᠭᠠᠯᠲᠠ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ ᠴᠣᠬᠢᠯᠲᠠ ᠦᠭᠴᠦ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号