ᠤᠶᠢᠷ᠎ᠠ ᠳᠤ᠂ ᠠᠮᠧᠷᠢᠺᠠ ᠶᠢᠨ ᠰᠢᠨᠰᠢᠨᠨᠠᠲ ᠬᠡᠦᠬᠡᠳ ᠤᠨ ᠡᠮᠨᠡᠯᠭᠡ ᠶᠢᠨ ᠬᠤᠷᠢᠶᠠᠨ ᠤ ᠨᠢᠭᠡᠨ ᠰᠢᠨ᠎ᠡ | ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠯᠧᠺᠲᠷᠤᠨ ᠳᠡᠯᠭᠡᠴᠡ ᠦᠵᠡᠬᠦ ᠴᠠᠭ ᠨᠢ ᠬᠡᠲᠦ ᠤᠷᠲᠤ ᠪᠣᠯᠪᠠᠯ | ᠬᠡᠦᠬᠡᠳ ᠤᠨ ᠦᠭᠡ ᠬᠡᠯᠡ ᠪᠠ ᠥᠪᠡᠷ ᠢ ᠪᠠᠨ ᠲᠣᠬᠢᠷᠠᠭᠤᠯᠬᠤ ᠲᠠᠯ᠎ᠠ ᠪᠠᠷ ᠬᠢ ᠴᠢᠳᠠᠪᠤᠷᠢ ᠶᠢ ᠪᠠᠭᠤᠷᠠᠭᠤᠯᠵᠤ | ᠮᠡᠳᠡᠨ᠎ᠡ ᠬᠡᠪᠡ᠃ | ᠰᠤᠳᠤᠯᠭᠠᠨ ᠤ ᠠᠵᠢᠯᠲᠠᠨ 3 ~ 5 ᠨᠠᠰᠤᠨ ᠤ ᠬᠤᠭᠤᠷᠤᠨᠳᠤᠬᠢ 47 ᠡᠷᠡᠭᠦᠯ ᠴᠢᠭᠢᠷᠠᠭ | ᠬᠡᠤᠬᠡᠳ ᠲᠤ ᠲᠤᠷᠰᠢᠯᠳᠠ ᠬᠢᠪᠡ᠃ ᠰᠤᠳᠤᠯᠭᠠᠨ ᠤ ᠠᠵᠢᠯᠲᠠᠨ ᠲᠤᠷᠰᠢᠯᠳᠠ ᠬᠢᠬᠦ ᠪᠠᠷ ᠲᠠᠮᠵᠢᠭᠠᠳ᠂ ᠡᠳᠦᠷ ᠪᠦᠷᠢ | ᠭᠠᠭᠴᠠᠭᠠᠷ ᠢᠶᠠᠨ ᠺᠣᠮᠫᠢᠦ᠋ᠲ᠋ᠧᠷ᠂ ᠲᠧᠯᠸᠢᠰ ᠪᠠ ᠭᠠᠷ ᠤᠲᠠᠰᠤᠨ ᠤ ᠡᠯᠧᠺᠲᠷᠤᠨ ᠳᠡᠯᠭᠡᠴᠡ ᠶᠢ 1 ᠴᠠᠭ ᠢᠯᠡᠭᠦᠤ | ᠦᠵᠡᠭᠰᠡᠨ ᠬᠡᠤᠬᠡᠳ ᠤᠨ ᠶᠡᠭᠡ ᠲᠠᠷᠢᠬᠢᠨ ᠤ ᠴᠠᠭᠠᠨ ᠡᠳ᠋ ︵ᠦᠭᠡ ᠬᠡᠯᠡ᠂ ᠤᠩᠰᠢᠵᠤ ᠪᠢᠴᠢᠬᠦ ᠵᠢᠴᠢ ᠲᠠᠨᠢᠨ | ᠮᠡᠳᠡᠬᠦᠢ ᠶᠢᠨ ᠴᠢᠳᠠᠪᠤᠷᠢ ᠶᠢ ᠨᠥᠯᠥᠭᠡᠯᠡᠬᠦ ᠪᠣᠳᠠᠰ︶ ᠤᠨ ᠪᠤᠶᠢᠵᠢᠯᠲᠠ ᠨᠢ ᠪᠤᠰᠤᠳ ᠬᠡᠤᠬᠡᠳ ᠠᠴᠠ ᠢᠯᠡᠷᠬᠡᠶ ᠳᠣᠤᠷ᠎ᠠ | ᠪᠠᠶᠢᠬᠤ ᠶᠢ ᠤᠯᠵᠤ ᠮᠡᠳᠡᠵᠡᠢ᠃ | ᠰᠤᠳᠤᠯᠭᠠᠨ ᠨᠢ ᠲᠧᠯᠸᠢᠰ ᠦᠵᠡᠬᠦ᠂ ᠬᠠᠪᠲᠠᠭᠠᠶ ᠲᠡᠯᠭᠡᠴᠠᠳᠤ ᠺᠤᠮᠫᠢᠦ᠋ᠲ᠋ᠧᠷ ᠪᠠ ᠭᠠᠷ ᠤᠲᠠᠰᠤ ᠵᠡᠷᠭᠡ | ᠡᠯᠧᠺᠲᠷᠤᠨ ᠳᠡᠯᠭᠡᠴᠡ ᠦᠵᠡᠬᠦ ᠨᠢ ᠬᠡᠦᠬᠡᠳ ᠤᠨ ᠠᠩᠬᠠᠷᠤᠯ ᠲᠥᠪᠯᠡᠷᠡᠬᠦ ᠥᠬᠡᠶ᠂ ᠬᠤᠭᠤᠯᠠ ᠤᠮᠳᠠ ᠪᠠᠨ ᠰᠠᠶᠢᠬᠠᠨ | ᠢᠳᠡᠬᠦ ᠦᠭᠡᠢ ᠮᠠᠭᠤ ᠳᠠᠳᠬᠠᠯ ᠪᠠ ᠦᠢᠯᠡ ᠠᠵᠢᠯᠯᠠᠭ᠎ᠠ ᠲᠠᠢ ᠪᠤᠯᠬᠤ ᠲᠠᠢ ᠬᠤᠯᠪᠣᠭ᠎ᠠ ᠲᠠᠢ ᠪᠠᠶᠢᠳᠠᠭ᠃ ᠡᠯᠧᠺᠲᠷᠤᠨ | ᠳᠡᠯᠭᠡᠴᠡ ᠦᠵᠡᠬᠦ ᠴᠠᠭ ᠨᠢ ᠬᠡᠲᠦᠷᠬᠡᠶ ᠤᠷᠲᠤ ᠪᠣᠯᠪᠡᠯ ᠬᠡᠦᠬᠡᠳ ᠤᠨ ᠦᠭᠡ ᠬᠡᠯᠡᠨ ᠤ ᠪᠤᠶᠢᠵᠢᠯᠲᠠ ᠨᠢ | ᠤᠳᠠᠭᠠᠰᠢᠷᠠᠬᠤ᠂ ᠬᠦᠢᠴᠡᠳᠭᠡᠬᠦ ᠴᠢᠳᠠᠪᠤᠷᠢ ᠨᠢ ᠠᠨᠠᠶ ᠪᠤᠯᠬᠤ ᠵᠢᠴᠢ ᠡᠴᠢᠭᠡ ᠡᠬᠡ ᠲᠠᠢ ᠪᠠᠨ ᠬᠠᠷᠢᠯᠴᠠᠨ | ᠦᠢᠯᠡᠳᠦᠯᠴᠡᠬᠦ ᠶᠠᠪᠤᠳᠠᠯ ᠪᠠᠭᠠᠰᠬᠤ ᠲᠠᠢ ᠬᠤᠯᠪᠣᠭ᠎ᠠ ᠲᠠᠢ ᠪᠠᠶᠢᠳᠠᠭ ᠢ ᠬᠠᠷᠠᠭᠤᠯᠵᠠᠢ᠃ | ᠡᠶᠢᠮᠦ ᠠᠴᠠ 18 ᠰᠠᠷ᠎ᠠ ᠪᠤᠯᠤᠭᠠᠳᠤᠢ ᠨᠢᠯᠬ᠎ᠠ ᠬᠡᠤᠬᠡᠳ ᠲᠤ ᠡᠯᠧᠺᠲᠷᠣᠨ ᠦᠢᠯᠡᠳᠭᠦᠨ | ᠦᠵᠡᠬᠦᠯᠬᠦ ᠠᠴᠠ ᠵᠠᠶᠢᠯᠠᠰᠬᠢᠬᠦ ᠬᠡᠷᠡᠭᠲᠡᠶ︔ 2 ~ 5 ᠨᠠᠰᠤᠨ ᠤ ᠬᠤᠭᠤᠷᠦᠨᠳᠤᠬᠢ ᠬᠡᠤᠬᠡᠳ ᠤᠨ ᠡᠯᠧᠺᠲᠷᠤᠨ | ᠳᠡᠯᠭᠡᠴᠡ ᠦᠵᠡᠬᠦ ᠴᠠᠭ ᠢ ᠡᠳᠦᠷ ᠪᠦᠷᠢ 1 ᠴᠠᠭ ᠢᠶᠠᠷ ᠬᠢᠵᠠᠭᠠᠷᠯᠠᠬᠤ ᠶᠢ ᠰᠠᠨᠠᠭᠤᠯᠵᠤ ᠪᠠᠶᠢᠨ᠎ᠠ᠃ ᠡᠭᠦᠨ ᠤ ᠬᠠᠮᠲᠤ᠂ | ᠣᠷᠣᠢ ᠶᠢᠨ ᠬᠤᠭᠤᠯᠠ ᠪᠠᠨ ᠢᠳᠡᠬᠦ ᠦᠶ᠎ᠡ ᠪᠤᠶᠤ ᠤᠨᠲᠠᠬᠤ ᠥᠷᠥᠭᠡᠨ ᠳᠡᠭᠡᠨ ᠡᠯᠧᠺᠲᠷᠣᠨ ᠦᠢᠯᠡᠳᠭᠦᠨ ᠦᠵᠡᠬᠦ | ᠶᠢ ᠴᠠᠭᠠᠵᠠᠯᠠᠬᠤ ᠪᠠᠷ ᠭᠡᠷ ᠤᠨ ᠠᠬᠠᠮᠠᠳ ᠨᠠᠷ ᠲᠣᠭᠲᠠᠭᠠᠪᠠᠯ ᠵᠣᠬᠢᠨ᠎ᠠ᠃ ︵ᠬᠤ᠋ ᠵᠧᠨ︶ |