ᠤᠢᠢᠷ᠎ᠠ ᠶᠢᠨ ᠵᠢᠯ ᠳᠤ᠂ ᠡᠯᠳᠡᠪ ᠶᠠᠩᠵᠤ ᠶᠢᠨ ︽ᠡᠨᠧᠷᠬᠢ ᠲᠠᠢ ᠴᠢᠯᠠᠭᠤ︾ ᠨᠢ ᠡᠷᠡᠭᠦᠯ ᠮᠠᠨᠳᠤ ᠪᠠᠨ | ᠠᠩᠬᠠᠷᠤᠬᠴᠢᠳ ᠤᠨ ᠬᠠᠯᠠᠭᠤᠨ ᠬᠦᠷᠢᠶᠡᠯᠡᠯ ᠢ ᠤᠯᠵᠤ᠂ ᠵᠠᠬ᠎ᠠ ᠲᠡᠯᠭᠡᠭᠦᠷ ᠲᠤ ᠪᠤᠷᠤᠯᠠᠭᠤᠯᠭ᠎ᠠ ᠰᠠᠶᠢᠳᠠᠢ ᠪᠤᠯᠵᠤ ᠪᠤᠢ᠃ | | ᠡᠳᠡᠭᠡᠷ ︽ᠡᠨᠧᠷᠬᠢ ᠲᠠᠢ ᠴᠢᠯᠠᠭᠤ︾ ᠶᠢᠨ ᠵᠠᠷᠢᠮ ᠨᠢ ᠮᠠᠰᠢ ᠦᠨᠡᠳᠡᠢ᠂ ᠬᠤᠳᠠᠯᠳᠤᠭᠠᠴᠢᠳ ᠤᠨ | ᠬᠡᠯᠡᠳᠡᠭ ᠢᠶᠠᠷ ᠶᠠᠮᠠᠷᠪᠠ ᠡᠪᠡᠳᠴᠢᠨ ᠲᠠᠬᠤᠯ ᠢ ᠪᠦᠷ ᠵᠠᠰᠠᠵᠤ ᠡᠳᠡᠭᠡᠷᠡᠭᠦᠯᠳᠡᠭ ᠷᠢᠳᠢ ᠰᠢᠳᠢ ᠲᠠᠢ ᠭᠡᠨ᠎ᠠ᠃ | ᠭᠡᠲᠡᠯ᠎ᠠ ᠪᠤᠲᠠᠲᠠᠢ ᠪᠠᠶᠢᠳᠠᠯ ᠨᠢ ᠦᠨᠡᠬᠡᠷ ᠲᠡᠶᠢᠮᠦ ᠭᠡᠵᠦ ᠤᠤ︖ | ᠤᠢᠢᠷ᠎ᠠ ᠳᠤ᠂ ᠳ᠋ᠠᠯᠢᠶᠠᠨ ᠤ ᠨᠢᠰᠭᠡᠯ ᠤᠨ ᠪᠠᠭᠤᠳᠠᠯ ᠤᠨ ᠠᠵᠢᠯᠲᠠᠨ ᠠᠴᠠ ᠠᠶᠠᠨᠴᠢᠳ ᠲᠤ ᠠᠮᠤᠷ | ᠲᠦᠪᠰᠢᠨ ᠤ ᠪᠠᠶᠢᠴᠠᠭᠠᠯᠲᠠ ᠬᠢᠵᠦ ᠪᠠᠶᠢᠬᠤ ᠳᠤ ᠪᠠᠨ ᠨᠢᠭᠡᠨ ᠡᠮᠡᠭᠲᠡᠢ ᠶᠢᠨ ᠪᠤᠭᠴᠤᠨ ᠠᠴᠠ ᠨᠢᠭᠡ ᠵᠦᠢᠯ ᠤᠨ | ᠬᠠᠴᠢᠨ ᠴᠢᠯᠠᠭᠤ ᠶᠢ ᠢᠯᠡᠷᠡᠭᠦᠯᠵᠦ᠂ ᠴᠦᠮ᠎ᠠ ᠶᠢᠨ ᠰᠠᠴᠤᠷᠠᠭ ᠤᠨ ᠮᠠᠰᠢᠨ ᠢᠶᠠᠷ ᠪᠠᠶᠢᠴᠠᠭᠠᠭᠰᠠᠨ ᠤ ᠦᠷ᠎ᠠ | ᠳ᠋ᠦᠩ ᠳᠤ ᠲᠤᠭ᠎ᠠ ᠬᠡᠮᠵᠢᠶ᠎ᠠ ᠨᠢ ᠪᠠᠷᠢᠮᠵᠢᠶ᠎ᠠ ᠠᠴᠠ 112 ᠲᠠᠬᠢᠨ ᠬᠡᠲᠦᠷᠡᠭᠰᠡᠨ ᠪᠠᠶᠢᠵᠠᠢ᠃ | — ᠮᠢᠨᠦ ᠦᠬᠢᠨ ᠡᠨᠡᠬᠦ ︽ᠭᠦᠨ ᠲᠠᠯᠠᠢ ᠶᠢᠨ ᠡᠨᠧᠷᠬᠢ ᠲᠠᠢ ᠴᠢᠯᠠᠭᠤ︾ ᠶᠢ ᠪᠡᠶ᠎ᠡ ᠳᠤ ᠪᠠᠨ ᠵᠠᠭᠦᠭᠰᠡᠨ | 3 ᠰᠠᠷ᠎ᠠ ᠶᠢᠨ ᠬᠤᠭᠤᠴᠠᠭᠠᠨ ᠳᠤ ᠬᠠᠮᠠᠷ ᠠᠴᠠ ᠨᠢ ᠴᠢᠰᠤ ᠭᠠᠷᠬᠤ ᠦᠵᠡᠭᠳᠡᠯ ᠵᠦᠩᠳᠡᠭᠡᠨ ᠡᠭᠦᠰᠦᠭᠰᠡᠨ᠂ ᠤᠲᠤ | ᠡᠷᠭᠢᠴᠡᠭᠦᠯᠦᠨ ᠪᠤᠳᠤᠬᠤ ᠳᠤ ᠡᠶᠢᠮᠦᠷᠬᠦ ︽ᠡᠨᠧᠷᠬᠢ ᠲᠠᠢ ᠴᠢᠯᠠᠭᠤ︾ ᠶᠢᠨ ᠪᠠᠷᠢᠮᠵᠢᠶ᠎ᠠ ᠠᠴᠠ ᠬᠡᠲᠤ ᠲᠠᠪᠠᠭᠰᠠᠨ | ᠴᠦᠮ᠎ᠠ ᠶᠢᠨ ᠰᠠᠴᠤᠷᠠᠭ ᠲᠠᠢ ᠬᠤᠯᠪᠤᠭᠠᠲᠠᠢ ᠪᠠᠶᠢᠬᠤ ᠭᠡᠵᠦ ᠲᠡᠷᠡ ᠪᠦᠰᠡᠭᠦᠢ ᠲᠠᠭᠠᠮᠠᠬᠯᠠᠵᠤ ᠪᠠᠶᠢᠯ᠎ᠠ᠃ | ︽ᠡᠨᠧᠷᠬᠢ ᠲᠠᠢ ᠴᠢᠯᠠᠭᠤ︾ ᠭᠡᠳᠡᠭ ᠨᠢ ᠦᠨᠡᠨᠳᠡᠭᠡᠨ ᠰᠠᠴᠤᠷᠠᠭ ᠴᠢᠨᠠᠷᠲᠡᠢ ᠴᠦᠮ᠎ᠠ ᠶᠢᠨ ᠡᠯᠧᠮᠧᠨ᠋ᠲ | ᠪᠠᠶᠢᠵᠤ᠂ ᠪᠠᠰᠠᠲ᠋ᠤᠭᠲᠠᠪᠦᠷᠢ ᠦᠭᠡᠢ ᠴᠦᠮ᠎ᠠ ᠶᠢᠨ ᠡᠯᠧᠮᠧᠨ᠋ᠲ ᠭᠡᠳᠡᠭ᠃ 2017 ᠤᠨ ᠤ 10 ᠰᠠᠷ᠎ᠠ ᠶᠢᠨ 27 ᠤ | ᠡᠳᠦᠷ ᠤᠨ ᠲᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠲᠠ ᠳᠤ ᠬᠠᠷᠢᠶᠠᠯᠠᠭᠳᠠᠬᠤ ᠤᠯᠠᠨ | ᠤᠯᠤᠰ ᠤᠨ ᠦᠮᠡᠨ ᠡᠪᠡᠳᠴᠢᠨ ᠰᠤᠳᠤᠯᠬᠤ ᠪᠠᠶᠢᠭᠤᠯᠤᠮᠵᠢ ᠶᠢᠨ ᠨᠡᠶᠢᠲᠡᠯᠡᠭᠰᠡᠨ ᠦᠮᠡᠨ ᠡᠪᠡᠳᠴᠢᠨ ᠡᠭᠦᠰᠭᠡᠬᠦ | ᠪᠤᠳᠠᠰ ᠤᠨ ᠨᠡᠷᠡᠰ ᠲᠤ ᠲᠡᠮᠳᠡᠭᠯᠡᠭᠰᠡᠨ ᠢᠶᠠᠷ᠂ ᠡᠶᠢᠮᠤᠷᠬᠦ ︽ᠡᠨᠧᠷᠬᠢ ᠲᠠᠢ ᠴᠢᠯᠠᠭᠤ︾ ᠶᠢᠨ ᠴᠦᠮ᠎ᠠ ᠶᠢᠨ | ᠡᠯᠧᠮᠧᠨ᠋ᠲ ᠶᠢᠨ ᠰᠠᠴᠤᠷᠠᠭ ᠨᠢ ᠬᠦᠮᠦᠨ ᠤ ᠪᠡᠶ᠎ᠠ ᠶᠢᠨ ᠡᠰ ᠡᠷᠬᠡᠲᠡᠨ ᠢ ᠭᠡᠮᠲᠦᠭᠡᠵᠦ᠂ ᠦᠮᠡᠨ ᠡᠪᠡᠳᠴᠢᠨ ᠡᠭᠦᠰᠭᠡᠬᠦ | ᠪᠤᠳᠠᠰ ᠢᠶᠠᠷ ᠬᠢᠨᠠᠨ ᠲᠤᠭᠲᠠᠭᠠᠭᠳᠠᠪᠠ᠃ | ᠰᠠᠨᠠᠭᠤᠯᠬᠤ ᠨᠢ᠄ | ᠢᠷᠡᠯᠲᠡ ᠨᠢ ᠲᠤᠳᠤᠷᠬᠠᠢ ᠦᠭᠡᠢ᠂ ᠲᠠᠩᠰᠠ ᠲᠡᠮᠳᠡᠭᠯᠡᠯ ᠨᠢ ᠪᠦᠷᠢᠨ ᠪᠤᠰᠤ ︽ᠡᠨᠧᠷᠬᠢ ᠲᠠᠢ ᠪᠤᠳᠠᠰ︾ ᠢ | ᠬᠤᠳᠠᠯᠳᠤᠨ ᠠᠪᠬᠤ ᠳᠠᠭᠠᠨ ᠬᠢᠴᠢᠶᠡᠭᠡᠷᠡᠢ᠂ ᠢᠯᠠᠩᠭᠤᠶ᠎ᠠ ᠨᠠᠰᠤᠳᠠᠶᠢᠴᠤᠳ ᠴᠢᠳᠠᠬᠤ ᠶᠢᠨ ᠲᠤᠲᠤᠷ᠎ᠠ ᠵᠠᠶᠢᠯᠠᠰᠬᠢᠭᠡᠷᠡᠢ᠃ | ᠤᠢᠢᠷ᠎ᠠ ᠶᠢᠨ ᠵᠢᠯ ᠳᠤ ᠴᠦᠬᠡᠨ ᠪᠤᠰᠤ ᠬᠤᠳᠠᠯᠳᠤᠭᠠᠴᠢᠳ ︽ᠡᠨᠧᠷᠬᠢ ᠲᠠᠢ ᠴᠢᠯᠠᠭᠤ︾ ︽ᠡᠨᠧᠷᠬᠢ ᠲᠠᠢ ᠪᠤᠳᠠᠰ︾ | ᠭᠡᠳᠡᠭᠵᠢᠡᠷ ᠬᠠᠯᠬᠠᠪᠴᠢ ᠪᠤᠯᠭᠠᠨ ᠲᠠᠮᠵᠢᠨ ᠪᠤᠷᠤᠯᠠᠭᠤᠯᠭ᠎ᠠ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ | ᠦᠷᠨᠢᠭᠦᠯᠵᠦ᠂ ᠦᠨᠡᠨ ᠪᠤᠳᠠᠳᠤ ᠪᠠᠶᠢᠳᠠᠯ ᠢ ᠤᠢᠢᠯᠠᠭᠠᠬᠤ ᠦᠭᠡᠢ ᠬᠡᠷᠡᠭᠯᠡᠭᠴᠢᠳ ᠤᠨ ᠠᠵᠤ ᠠᠬᠤᠢ ᠵᠢᠴᠢ ᠪᠡᠶ᠎ᠠ | ᠰᠡᠳᠭᠢᠴᠡ ᠳᠤ ᠬᠦᠨᠲᠤ ᠬᠤᠬᠢᠷᠠᠯ ᠠᠪᠴᠢᠷᠠᠵᠤ ᠪᠤᠢ᠃ ᠡᠳᠡᠭᠡᠷ ᠠᠴᠠ ᠶᠠᠭᠠᠬᠢᠭᠰᠠᠨ ᠴᠤ ᠪᠤᠯᠭᠤᠮᠵᠢᠯᠠᠭᠠᠷᠠᠢ︕ | |