ᠪᠤᠭᠤᠲᠤ ᠶᠢᠨ ᠬᠤᠸᠠ ᠡᠦ ᠷᠧᠨ ᠵᠢᠶᠠᠨ ᠫᠷᠣᠵᠧᠺᠲ ᠨᠢ ᠰᠢᠭᠤᠶᠢᠲᠣ ᠲᠣᠭᠤᠷᠢᠭ ᠤᠨ ᠰᠢᠨ᠎ᠡ | ᠲᠣᠭᠤᠷᠢᠭ ᠲᠤ ᠪᠠᠶᠢᠷᠢᠯᠠᠵᠤ᠂ ᠰᠧᠴᠤᠸᠠᠨ ᠬᠤᠸᠠ ᠰᠢ ᠰᠢ ᠸᠠᠩ ᠪᠦᠯᠦᠭᠯᠡᠯ ᠪᠣᠯᠤᠨ ᠱᠧᠨᠵᠧᠨ ᠤ ᠲᠠᠢ ᠡᠯ | ᠪᠦᠯᠦᠭᠯᠡᠯ ᠠᠴᠠ ᠬᠠᠮᠲᠤᠪᠠᠷ ᠪᠡᠯᠡ ᠣᠷᠣᠭᠤᠯᠵᠤ ᠨᠡᠭᠡᠭᠡᠨ ᠬᠥᠭᠵᠢᠭᠦᠯᠪᠡ᠃ ᠫᠷᠣᠵᠧᠺᠲ ᠤᠨ ᠶᠡᠷᠦᠩᠬᠡᠶ ᠪᠡᠯᠡ | ᠣᠷᠣᠭᠤᠯᠤᠯᠲᠠ ᠨᠢ ᠪᠠᠷᠤᠭ 35.64 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠤᠭ 3800 ᠮᠦ ᠭᠠᠵᠠᠷ | ᠡᠵᠡᠯᠡᠵᠦ᠂ ᠬᠤᠳᠠᠯᠳᠤᠭ᠎ᠠ ᠪᠠ ᠨᠡᠶᠢᠭᠡᠮ ᠲᠣᠭᠤᠷᠢᠭ᠂ ᠠᠮᠢ ᠠᠬᠤᠢ ᠵᠢᠭᠤᠯᠴᠢᠯᠠᠯ᠂ ᠵᠢᠮᠢᠰ ᠲᠡᠭᠦᠬᠦ᠂ ᠰᠣᠶᠣᠯ ᠤᠨ | ᠦᠵᠡᠭᠦᠯᠦᠯᠭᠡ ᠬᠢᠬᠦ᠂ ᠣᠯᠠᠨ ᠲᠦᠮᠡᠨ ᠤ ᠰᠡᠯᠡᠭᠦᠴᠡᠨ ᠰᠠᠭᠤᠬᠤ ᠶᠢ ᠨᠢᠭᠡ ᠴᠣᠭᠴᠠᠵᠢᠭᠤᠯᠤᠭᠰᠠᠨ ᠣᠳᠣ ᠦᠶ᠎ᠡ ᠶᠢᠨ | ᠠᠮᠢ ᠠᠬᠤᠢ ᠶᠢᠨ ᠪᠡᠶᠡᠴᠢᠯᠡᠨ ᠣᠶᠢᠯᠠᠭᠠᠬᠤ ᠬᠦᠷᠢᠶᠡᠯᠡᠩ ᠪᠣᠯᠤᠨ᠎ᠠ᠃ ᠫᠷᠣᠵᠧᠺᠲ ᠨᠢ ︽ᠪᠦᠬᠦ ᠪᠥᠮᠪᠥᠷᠴᠡᠭ ᠤᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠵᠡᠮᠵᠢ ᠶᠢᠨ ᠣᠷᠣᠨ ᠤ ᠬᠠᠮᠤᠭ ᠰᠠᠶᠢᠨ ᠦᠯᠢᠭᠡᠷ ᠵᠢᠱᠢᠶ᠎ᠡ︾ | ᠶᠢᠨ ᠴᠣᠯᠠ ᠣᠯᠤᠭᠰᠠᠨ ᠴᠧᠩᠳᠦ᠋ ᠰᠢᠨ ᠶᠢᠨ ᠤ ︽ᠬᠤᠸᠠ ᠡᠦ ᠷᠧᠨ ᠵᠢᠶᠠᠨ︾ ᠤ ᠣᠬᠢ ᠰᠣᠳᠣ ᠳᠤ ᠲᠦᠰᠢᠭᠯᠡᠨ | ᠂ ᠰᠢᠭᠤᠶᠢᠲᠣ ᠰᠢᠨ᠎ᠡ ᠲᠣᠭᠤᠷᠢᠭ ᠤᠨ ᠠᠭᠤᠯᠠ ᠤᠰᠤᠨ ᠳᠠᠬᠢ ᠳᠣᠪᠣᠷᠬᠠᠭ ᠭᠠᠵᠠᠷ ᠤᠨ ᠣᠨᠴᠠᠯᠢᠭ ᠪᠠ ᠰᠡᠷᠢᠭᠦᠨ | ᠪᠦᠰᠡ ᠶᠢᠨ ᠠᠭᠤᠷ ᠠᠮᠢᠰᠬᠤᠯ ᠤᠨ ᠣᠨᠴᠠᠯᠢᠭ ᠢ ᠠᠰᠢᠭᠯᠠ᠂ ᠰᠢᠨ᠎ᠡ ᠶᠢ ᠡᠭᠦᠳᠬᠦ ᠵᠢᠷᠤᠭ ᠲᠥᠯᠥᠪᠯᠡᠭᠡ ᠪᠠᠷ | ᠳᠠᠮᠵᠢᠭᠤᠯᠤᠨ᠂ ︽ᠠᠮᠢ ᠠᠬᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠰᠡᠯᠡᠭᠦᠴᠡᠨ ᠲᠣᠭᠤᠷᠢᠬᠤ︾ | ᠭᠤᠤᠯ ᠰᠡᠳᠦᠪ ᠢ ᠳᠣᠪᠤᠶᠢᠯᠭᠠᠵᠤ᠂ ᠤᠮᠠᠷᠠᠲᠤ ᠣᠷᠣᠨ ᠤ ᠣᠨᠴᠠᠯᠢᠭ ᠲᠠᠢ ᠴᠡᠴᠡᠭ ᠪᠦᠵᠢᠭᠲᠦ ᠶᠢᠷᠲᠢᠨᠴᠦ ᠢ | ᠢᠯᠡᠷᠡᠭᠦᠯᠵᠦ᠂ ᠪᠤᠭᠤᠲᠤ ᠬᠤᠲᠠ ᠶᠢᠨ ᠰᠡᠯᠡᠭᠦᠴᠡᠨ ᠲᠣᠭᠤᠷᠢᠬᠤ ︽ᠠᠷᠤ ᠶᠢᠨ ᠴᠡᠴᠡᠷᠯᠢᠭ︾᠂ ᠬᠤᠲᠠ ᠶᠢᠨ ︽ | ᠨᠣᠭᠤᠭᠠᠨ ᠠᠭᠤᠰᠬᠢ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠵᠤᠭᠠᠴᠠᠨ | ᠲᠣᠭᠤᠷᠢᠬᠤ ᠰᠣᠶᠣᠯ ᠤᠨ ᠬᠦᠷᠢᠶᠡᠯᠡᠩ᠂ ᠤᠯᠤᠰ ᠤᠨ ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ | ᠪᠣᠯᠭᠠᠬᠤ ᠪᠠᠷ ᠵᠣᠷᠢᠯᠭ᠎ᠠ ᠪᠠᠨ ᠪᠣᠯᠭᠠᠵᠠᠶ᠃ ᠡᠭᠦᠨ ᠳᠤ᠂ ᠫᠷᠣᠵᠧᠺᠲ ᠤᠨ ᠬᠤᠳᠠᠯᠳᠤᠭ᠎ᠠ ᠰᠠᠭᠤᠴᠢ ᠶᠢᠨ ᠨᠡᠶᠢᠭᠡᠮ | ᠲᠣᠭᠤᠷᠢᠭ ᠪᠠᠷᠤᠭ 1050 ᠮᠦ ᠭᠠᠵᠠᠷ ᠡᠵᠡᠯᠡᠵᠦ᠂ ᠠᠮᠢ ᠠᠬᠤᠢ ᠶᠢᠨ ᠬᠦᠷᠢᠶᠡᠯᠡᠩ ᠤᠨ ᠫᠷᠣᠵᠧᠺᠲ ᠪᠠᠷᠤᠭ | 2750 ᠮᠦ ᠭᠠᠵᠠᠷ ᠡᠵᠡᠯᠡᠵᠦ᠂ ᠨᠢᠭᠡᠨᠲᠡ 5 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ | 17000 ᠭᠠᠷᠤᠶ ᠰᠠᠭᠤᠷᠢ ᠲᠠᠷᠢᠮᠠᠯ ᠲᠠᠷᠢᠵᠤ᠂ 4.5 ᠲᠦᠮᠡᠨ ᠲᠡᠭᠰᠢ ᠳᠥᠷᠪᠡᠯᠵᠢᠨ ᠮᠧᠲᠷ ᠤᠨ ᠵᠢᠱᠢᠶ᠎ᠡ | ᠦᠵᠡᠭᠦᠯᠬᠦ ᠲᠣᠭᠤᠷᠢᠭ ᠢ ᠨᠣᠭᠤᠭᠠᠷᠠᠭᠤᠯᠬᠤ ᠵᠢᠴᠢ 600 ᠭᠠᠷᠤᠶ ᠮᠦ ᠴᠢᠬᠢ ᠮᠣᠳᠣ ᠲᠠᠷᠢᠵᠤ᠂ 3.5 | ᠺᠢᠯᠣᠮᠧᠲᠷ ᠤᠨ ᠭᠤᠤᠯ ᠵᠠᠮ ᠢ ᠠᠰᠢᠭᠯᠠᠯᠲᠠ ᠳᠤ ᠣᠷᠣᠭᠤᠯᠪᠠ᠃ | | | | | |