ᠵᠤᠤ ᠤᠯᠤᠰ ᠤᠨ ᠤᠷᠲᠤ ᠴᠠᠭᠠᠨ ᠬᠡᠷᠡᠮ ᠤᠨ ᠪᠠᠭᠤᠷᠢ
ᠨᠡᠶᠢᠲᠡᠯᠡᠭᠰᠡᠨ ᠴᠠᠭ᠄
2019-12-03
      ᠵᠤᠤ ᠤᠯᠤᠰ ᠤᠨ ᠤᠷᠲᠤ ᠴᠠᠭᠠᠨ ᠬᠡᠷᠡᠮ ᠪᠣᠯ ᠮᠠᠨ ᠤ ᠤᠯᠤᠰ ᠤᠨ ᠣᠳᠣ ᠪᠠᠶᠢᠭ᠎ᠠ ᠬᠠᠮᠤᠭ ᠤᠨ ᠡᠷᠲᠡᠨ ᠤ ᠤᠷᠲᠤ ᠴᠠᠭᠠᠨ ᠬᠡᠷᠡᠮ ᠪᠣᠯᠤᠨ᠎ᠠ᠂ ᠣᠳᠣ ᠨᠢᠭᠡᠨᠲᠡ ᠬᠤᠶᠠᠷ ᠮᠢᠩᠭ᠎ᠠ ᠭᠠᠷᠤᠶ ᠵᠢᠯ ᠤᠨ ᠲᠡᠤᠬᠡ ᠲᠠᠢ ᠪᠣᠯᠵᠤ᠂ ᠨᠡᠯᠢᠶᠡᠳ ᠰᠠᠶᠢᠨ ᠦᠯᠡᠳᠡᠭᠡᠭᠰᠡᠨ ᠨᠢᠭᠡ ᠬᠡᠰᠡᠭ ᠨᠢ ᠪᠤᠭᠤᠲᠤ ᠠᠴᠠ ᠰᠢᠭᠤᠶᠢᠲᠣ ᠬᠦᠷᠬᠦ ᠵᠠᠰᠠᠮᠠᠯ ᠵᠠᠮ ᠤᠨ 10 ᠺᠢᠯᠣᠮᠧᠲᠷ ᠬᠤᠯᠠ ᠬᠠᠳᠠᠭᠠᠯᠠᠵᠤ ᠪᠣᠶ᠃ ᠵᠤᠤ ᠤᠯᠤᠰ ᠤᠨ ᠤᠷᠳᠤ ᠴᠠᠭᠠᠨ ᠬᠡᠷᠡᠮ ᠢ ᠪᠤᠭᠤᠲᠤ ᠶᠢᠨ ᠬᠤᠲᠠ ᠶᠢᠨ ᠬᠠᠷᠢᠶ᠎ᠠ ᠲᠣᠭᠤᠷᠢᠭ ᠤᠨ ᠳᠤᠮᠳᠠ ᠬᠡᠰᠡᠭ ᠲᠤ ᠬᠥᠨᠳᠡᠯᠢᠰᠴᠦ᠂ ᠪᠠᠷᠤᠭ ᠵᠤᠤ ᠡᠤ ᠯᠢᠩ ᠸᠠᠩ ᠤᠨ ᠬᠤᠷᠢ ᠠᠴᠠ ᠬᠤᠷᠢᠨ ᠵᠢᠷᠭᠤᠳᠤᠭᠠᠷ ︵ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 306 — ᠡᠮᠦᠨ᠎ᠡ 300 ᠣᠨ︶ ᠳᠤ ᠪᠠᠶᠢᠭᠤᠯᠵᠠᠶ᠃ ᠲᠡᠷᠡ ᠨᠢ ᠶᠢᠨ ᠱᠠᠨ ᠠᠭᠤᠯᠠ ᠶᠢᠨ ᠡᠮᠦᠨ᠎ᠡ ᠬᠤᠷᠮᠣᠶ ᠳᠠᠬᠢ ᠠᠭᠤᠯᠠᠨ ᠣᠷᠭᠢᠯ ᠤᠨ ᠳᠣᠪᠣᠷᠬᠠᠭ ᠳᠣᠲᠣᠷ᠎ᠠ ᠡᠷᠦᠢ ᠬᠤᠷᠣᠢ ᠦᠷᠭᠦᠯᠵᠢᠯᠡᠵᠦ᠂ ᠠᠭᠤᠯᠠ ᠶᠢᠨ ᠡᠮᠦᠨ᠎ᠡ ᠬᠡᠰᠡᠭ ᠨᠢ ᠢᠪᠴᠤᠤ ᠤᠷᠲᠤ ᠲᠦᠮᠡᠳ ᠤᠨ ᠲᠠᠯ᠎ᠠ ᠶᠢᠨ ᠲᠠᠯ᠎ᠠ ᠭᠠᠵᠠᠷ ᠪᠠᠶᠢᠵᠤ᠂ ᠤᠰᠤ ᠪᠡᠯᠴᠢᠭᠡᠷ ᠨᠢ ᠦᠩ ᠰᠢᠮᠡᠯᠢᠭ ᠪᠠᠶᠢᠵᠤ᠂ ᠡᠷᠲᠡᠨ ᠤ ᠦᠶ᠎ᠡ ᠳᠤ ᠴᠡᠷᠢᠭ ᠤᠨ ᠡᠷᠳᠡᠮᠲᠡᠳ ᠤᠨ ᠵᠠᠪᠠᠯ ᠪᠤᠯᠢᠶᠠᠯᠳᠤᠬᠤ ᠭᠠᠵᠠᠷ ᠪᠠᠶᠢᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号