ᠱᠢ ᠵᠧ | ᠰᠤᠷᠤᠭᠴᠢᠳ ᠲᠤ ᠭᠡᠷ ᠪᠦᠯᠢ ᠶᠢᠨ ᠪᠡᠶ᠎ᠡ ᠶᠢᠨ ᠲᠠᠮᠢᠷ ᠤᠨ ᠳᠠᠰᠬᠠᠯ ᠦᠯᠡᠳᠡᠭᠡᠬᠦ ᠨᠢ ᠨᠢᠭᠡᠨᠲᠡ ᠬᠠᠴᠢᠨ | ᠶᠠᠪᠤᠳᠠᠯ ᠪᠢᠰᠢ ᠪᠣᠯᠵᠠᠶ᠂ ᠤᠳᠤ ᠭᠡᠷ ᠤᠨ ᠠᠬᠠᠮᠠᠳ ᠲᠤ ᠴᠤ ᠪᠡᠶ᠎ᠡ ᠶᠢᠨ ᠲᠠᠮᠢᠷ ᠤᠨ ᠳᠠᠰᠬᠠᠯ ᠲᠠᠢ ᠪᠣᠯᠵᠠᠶ᠃ | ᠭᠡᠷ ᠤᠨ ᠠᠬᠠᠮᠠᠳ ᠨᠠᠷ ᠬᠡᠤᠬᠡᠳ ᠲᠠᠢ ᠪᠠᠨ ᠬᠠᠮᠲᠤ ᠳᠡᠭᠡᠰᠦ 200 ᠦᠰᠦᠷᠬᠦ᠂ 15 ᠮᠢᠨᠦ᠋ᠲ ᠭᠦᠶᠦᠬᠦ᠂ ᠲᠠᠩᠭᠠᠶᠢᠨ | ᠬᠡᠪᠳᠡᠭᠡᠳ ᠲᠠᠬᠢᠨ ᠪᠣᠰᠴᠦ ᠰᠠᠭᠤᠬᠤ ᠬᠦᠳᠡᠯᠭᠡᠭᠡᠨ ᠢ 50 ᠬᠢᠬᠦ᠂ ᠰᠠᠭᠤᠴᠢᠬᠠᠭᠠᠳ ᠪᠡᠶ᠎ᠡ ᠪᠠᠨ ᠤᠷᠤᠬᠰᠢ | ᠪᠦᠬᠦᠶᠢᠯᠭᠡᠭᠦ ᠬᠦᠳᠡᠯᠭᠡᠭᠡᠨ ᠢ 5 ᠮᠢᠨᠦ᠋ᠲ ᠬᠢᠬᠦ ᠬᠡᠬᠦ ᠮᠡᠳᠦ ᠡᠭᠦᠷᠭᠡ ᠶᠢ ᠪᠡᠶᠡᠯᠡᠭᠦᠯᠵᠦ ᠪᠠᠶᠢᠨ᠎ᠠ᠃ | ᠣᠳᠣᠬᠠᠨ ᠳᠤ᠂ ᠴᠥᠭᠡᠨ ᠪᠤᠰᠤ ᠭᠡᠷ ᠤᠨ ᠠᠬᠠᠮᠠᠳ ᠤᠨ ᠪᠠᠶᠢᠳᠠᠯ ᠨᠢ ᠯᠢ ᠠᠪᠠᠭ᠋ᠠᠶ ᠲᠠᠢ ᠠᠳᠠᠯᠢᠪᠲᠤᠷ | ᠪᠠᠶᠢᠵᠤ᠂ ᠬᠡᠤᠬᠡᠳ ᠤᠨ ᠡᠷᠡᠭᠦᠯ ᠴᠢᠭᠢᠷᠠᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠭᠡᠷ ᠤᠨ ᠠᠬᠠᠮᠠᠳ | ᠨᠠᠷ ᠳᠤᠷᠠᠲᠠᠶ᠎ᠠ ᠡᠷᠭᠦᠨ ᠵᠤᠷᠢᠭᠤᠯᠵᠤ ᠪᠠᠶᠢᠳᠠᠭ ᠪᠤᠯᠪᠠᠴᠤ ᠠᠵᠢᠯ ᠪᠠ ᠠᠮᠢᠳᠤᠷᠠᠯ ᠤᠨ ᠳᠠᠷᠤᠭᠠᠰᠤ ᠲᠠᠪᠬᠤᠴᠠᠵᠤ᠂ | ᠪᠠᠰᠠ ᠬᠡᠦᠬᠡᠳ ᠤᠨ ᠬᠢᠴᠢᠶᠡᠯ ᠰᠤᠷᠤᠯᠭ᠎ᠠ ᠶᠢ ᠨᠢ ᠰᠢᠪᠠᠳᠠᠨ ᠱᠠᠭᠠᠷᠳᠠᠬᠤ ᠶᠢᠨ ᠳᠡᠭᠡᠷ᠎ᠡ ᠪᠡᠶ᠎ᠡ ᠶᠢᠨ ᠲᠠᠮᠢᠷ ᠤᠨ | ᠳᠠᠰᠬᠠᠯ ᠤᠨ ᠺᠠᠷᠲ ᠲᠠᠬᠯᠠᠬᠤ ᠡᠭᠦᠷᠭᠡ ᠶᠢ ᠪᠡᠶᠡᠯᠡᠬᠦᠯᠦᠭᠡᠳ ᠦᠨᠡᠬᠡᠷ ᠵᠦᠳᠡᠷᠡᠳᠡᠭ ᠪᠠᠶᠢᠨ᠎ᠠ᠃ ᠭᠡᠷ ᠪᠦᠯᠢ ᠶᠢᠨ | ᠪᠡᠶ᠎ᠡ ᠶᠢᠨ ᠲᠠᠮᠢᠷ ᠤᠨ ᠳᠠᠰᠬᠠᠯ ᠨᠢ ᠰᠠᠶᠢᠨ ᠲᠠᠯ᠎ᠠ ᠲᠠᠢ᠂ ᠢᠯᠡᠭᠦᠤ ᠪᠡᠶ᠎ᠡ ᠪᠠᠨ ᠪᠣᠯᠪᠠᠰᠤᠷᠠᠭᠤᠯᠪᠠᠯ ᠬᠡᠤᠬᠡᠳ ᠤᠨ ᠪᠡᠶ᠎ᠡ | ᠮᠠᠬᠠᠪᠣᠳ ᠰᠠᠶᠢᠵᠢᠷᠠᠵᠤ᠂ ︽ᠨᠢᠳᠦᠨ ᠰᠢᠯ ᠵᠡᠬᠦᠬᠦ ᠬᠡᠦᠭᠡᠳ︾ ︽ᠲᠠᠷᠭᠤᠨ ᠬᠡᠦᠬᠡᠳ︾ ᠴᠦᠭᠡᠷᠡᠬᠦ ᠪᠤᠯᠤᠨ᠎ᠠ ᠭᠡᠳᠡᠭ ᠢ | ᠭᠡᠷ ᠤᠨ ᠠᠬᠠᠮᠠᠳ ᠨᠠᠷ ᠪᠦᠷ ᠮᠡᠳᠡᠵᠦ ᠪᠠᠶᠢᠳᠠᠭ᠃ | ᠭᠡᠷ ᠤᠨ ᠠᠬᠠᠮᠠᠳ ᠺᠠᠷᠲ ᠲᠠᠬᠯᠠᠬᠤ ᠪᠣᠯ ᠨᠢᠭᠡ ᠵᠦᠢᠯ ᠤᠨ ᠬᠢᠨᠠᠯᠲᠠ ᠲᠠᠯᠪᠢᠬᠤ ᠠᠷᠭ᠎ᠠ ᠮᠥᠨ᠂ ᠡᠨᠡ ᠨᠢ | ᠬᠡᠤᠬᠡᠳ ᠢ ᠪᠡᠶ᠎ᠡ ᠪᠠᠨ ᠪᠣᠯᠪᠠᠰᠤᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠱᠠᠭᠠᠷᠳᠠᠬᠤ ᠶᠢᠨ ᠲᠥᠯᠥᠭᠡ ᠶᠤᠮ᠃ | ᠬᠡᠤᠬᠡᠳ ᠤᠨ ᠲᠥᠷᠥᠯᠬᠢ ᠴᠢᠨᠠᠷ ᠪᠣᠯ ᠨᠠᠭᠠᠳᠬᠤ ᠳᠤᠷᠠᠲᠠᠶ᠂ ᠬᠥᠳᠡᠯᠭᠡᠭᠡᠨ ᠬᠢᠬᠦ ᠳᠤᠷᠠᠲᠠᠶ ᠪᠠᠶᠢᠳᠠᠭ᠂ ᠶᠠᠭᠤᠨ ᠳᠤ | ᠪᠠᠰᠠ ᠬᠢᠨᠠᠯᠲᠠ ᠲᠠᠯᠪᠢᠬᠤ ᠴᠢᠬᠤᠯᠠᠲᠠᠶ ᠪᠤᠢ︖ ᠡᠭᠦᠨ ᠤ ᠰᠢᠯᠲᠠᠭᠠᠨ ᠢ ᠨᠢ ᠰᠤᠳᠤᠯᠤᠭᠤᠰᠢᠲᠠᠶ ᠶᠤᠮ᠃ ᠺᠠᠷᠲ | ᠲᠠᠬᠯᠠᠬᠤ ᠠᠭᠤᠯᠭ᠎ᠠ ᠪᠤᠯᠬᠤ ᠳᠡᠭᠡᠰᠦ ᠦᠰᠦᠷᠬᠦ᠂ ᠭᠦᠶᠦᠬᠦ᠂ ᠲᠠᠩᠭᠠᠶᠢᠨ ᠬᠡᠪᠳᠡᠭᠡᠳ ᠲᠠᠬᠢᠨ ᠪᠣᠰᠴᠦ ᠰᠠᠭᠤᠬᠤ ᠵᠡᠷᠭᠡ | ᠬᠦᠳᠡᠯᠭᠡᠭᠡᠨ ᠳᠤ ᠬᠡᠦᠬᠡᠳ ᠰᠣᠨᠢᠷᠬᠠᠯ ᠦᠭᠡᠢ ᠪᠣᠯᠬᠤᠷ ᠲᠡᠳᠡᠨ ᠤ ᠤᠬᠠᠮᠰᠠᠷᠲᠤ ᠴᠢᠨᠠᠷ ᠨᠢ ᠠᠶᠠᠨᠳᠠᠭᠠᠨ ᠠᠨᠠᠶ | ᠪᠠᠶᠢᠳᠠᠭ ᠶᠤᠮ᠃ | ᠡᠭᠦᠨ ᠠᠴᠠ ᠦᠵᠡᠪᠡᠯ᠂ ᠭᠡᠷ ᠪᠦᠯᠢ ᠶᠢᠨ ᠪᠡᠶ᠎ᠡ ᠶᠢᠨ ᠲᠠᠮᠢᠷ ᠤᠨ ᠳᠠᠰᠬᠠᠯ ᠢ ᠶᠠᠭᠠᠬᠢᠵᠤ ᠦᠯᠡᠳᠡᠭᠡᠬᠦ | ᠲᠤᠬᠠᠶ ᠨᠠᠷᠢᠨ ᠲᠤᠩᠭᠠᠨ ᠪᠤᠳᠤᠯᠬᠢᠯᠠᠬᠤ ᠬᠡᠷᠡᠭᠲᠡᠶ᠃ ᠰᠠᠶᠢᠨ ᠦᠷ᠎ᠡ ᠪᠦᠲᠦᠮᠵᠢ ᠣᠯᠵᠦ᠂ ᠭᠡᠷ ᠤᠨ ᠠᠬᠠᠮᠠᠳ ᠤᠨ | ᠳᠠᠷᠤᠭᠠᠰᠤ ᠶᠢ ᠪᠠᠭᠠᠰᠬᠠᠬᠤ ᠬᠡᠪᠡᠯ ᠳᠠᠰᠬᠠᠯ ᠬᠢᠬᠦ ᠶᠠᠪᠤᠳᠠᠯ ᠢ ᠠᠮᠢᠳᠤᠯᠢᠭ ᠪᠠᠶᠢᠯᠭᠠᠬᠤ ᠶᠢ ᠪᠣᠳᠣᠯᠬᠢᠯᠠᠬᠤ ᠦᠭᠡᠢ | ᠪᠠᠶᠢᠵᠤ ᠪᠤᠯᠬᠤ ᠦᠭᠡᠢ᠃ ᠾᠧᠪᠸᠢ ᠶᠢᠨ ᠬᠠᠨᠳᠠᠨ ᠬᠤᠳᠠ ᠶᠢᠨ ᠵᠠᠷᠢᠮ ᠰᠤᠷᠭᠠᠭᠤᠯᠢ ᠨᠢ ᠰᠤᠷᠤᠬᠴᠢᠳ ᠤᠨ ᠠᠳᠠᠯᠢ | ᠪᠤᠰᠤ ᠪᠠᠶᠢᠳᠠᠯ ᠳᠤ ᠵᠣᠬᠢᠴᠠᠭᠤᠯᠤᠨ᠂ ᠠᠳᠠᠯᠢ ᠪᠤᠰᠤ ᠣᠨ ᠤ ᠠᠩᠭᠢ ᠶᠢᠨ ᠪᠠᠶᠢᠳᠠᠯ ᠢ ᠦᠨᠳᠦᠰᠦᠯᠡᠨ ᠣᠯᠠᠨ | ᠵᠦᠢᠯ ᠤᠨ ︽ᠢᠵᠢ︾ ᠪᠡᠶ᠎ᠡ ᠶᠢᠨ ᠲᠠᠮᠢᠷ ᠤᠨ ᠳᠠᠰᠬᠠᠯ ᠬᠢᠯᠭᠡᠳᠡᠭ᠂ ᠡᠭᠦᠨ ᠳᠤ ᠬᠦᠨᠳᠡᠢ ᠬᠤᠨᠭ᠍ᠬᠤ ᠡᠷᠭᠢᠭᠦᠯᠬᠦ᠂ ᠲᠡᠪᠡᠭ | ᠢᠰᠬᠦᠯᠬᠦ ᠵᠡᠷᠭᠡ ᠰᠣᠨᠢᠷᠬᠠᠯᠳᠦ ᠬᠦᠳᠡᠯᠭᠡᠭᠡᠨ ᠪᠠᠭᠲᠠᠵᠦ ᠪᠠᠶᠢᠳᠠᠭ᠃ ᠲᠠᠬᠢᠨ ᠵᠢᠱᠢᠶᠡᠯᠡᠪᠡᠯ᠂ ᠪᠡᠭᠡᠵᠢᠩ ᠤᠨ ᠨᠢᠭᠡᠨ | ᠪᠠᠭ᠎ᠠ ᠰᠤᠷᠭᠠᠭᠤᠯᠢ ᠵᠢᠯ ᠪᠤᠯᠭᠠᠨ ᠨᠢᠭᠡ ᠤᠳᠠᠭ᠎ᠠ ᠳᠡᠭᠡᠰᠦ ᠦᠰᠦᠷᠬᠦ ᠤᠷᠤᠯᠳᠤᠭᠠᠨ ᠶᠠᠪᠤᠭᠤᠯᠵᠤ᠂ ᠤᠷᠤᠯᠳᠤᠭᠠᠨ ᠤ | ᠲᠠᠯᠠᠪᠠᠢ ᠳᠤ ᠦᠷ᠎ᠡ ᠪᠦᠲᠦᠮᠵᠢ ᠶᠢ ᠰᠢᠯᠭᠠᠨ ᠭᠠᠷᠭᠠᠳᠠᠭ ᠠᠴᠠ ᠬᠡᠤᠬᠡᠳ ᠤᠳ ᠰᠠᠨᠠᠭᠠᠴᠢᠯᠠᠭ᠎ᠠ ᠠᠴᠠ ᠪᠠᠨ ᠰᠠᠶᠢᠳᠤᠷ | ᠪᠣᠯᠪᠠᠰᠤᠷᠠᠵᠤ᠂ ᠭᠡᠷ ᠤᠨ ᠠᠬᠠᠮᠠᠳ ᠴᠤ ᠺᠠᠷᠲ ᠲᠠᠬᠯᠠᠬᠤ ᠦᠭᠡᠢ ᠪᠠᠶᠢᠳᠠᠭ᠂ ᠰᠣᠨᠣᠰᠬᠤᠯᠠᠷ ᠰᠤᠷᠤᠭᠴᠢᠳ ᠤᠨ ᠡᠳᠦᠷ | ᠪᠦᠷᠢ ᠶᠢᠨ ᠪᠣᠳᠠᠲᠠᠶ ᠪᠡᠶᠡᠯᠡᠭᠦᠯᠦᠭᠰᠡᠨ ᠬᠥᠳᠡᠯᠭᠡᠭᠡᠨ ᠤ ᠬᠡᠮᠵᠢᠶ᠎ᠡ ᠨᠢ ᠭᠡᠷ ᠤᠨ ᠳᠠᠰᠬᠠᠯ ᠠᠴᠠ 300 | ᠢᠯᠡᠭᠦᠤ ᠪᠠᠷ ᠲᠠᠪᠠᠵᠦ ᠪᠠᠶᠢᠳᠠᠭ ᠭᠡᠨ᠎ᠡ᠃ | ᠺᠠᠷᠲ ᠲᠠᠬᠯᠠᠬᠤ ᠮᠡᠳᠦ ᠶᠢᠨ ᠬᠢᠨᠠᠯᠲᠠ ᠲᠠᠯᠪᠢᠬᠤ ᠶᠠᠪᠤᠳᠠᠯ ᠢ ᠪᠤᠯᠢᠵᠤ᠂ ᠬᠢᠴᠢᠶᠡᠯ ᠤᠨ ᠭᠠᠳᠠᠨᠠᠬᠢ | ᠪᠡᠶ᠎ᠡ ᠶᠢᠨ ᠲᠠᠮᠢᠷ ᠤᠨ ᠪᠣᠯᠪᠠᠰᠤᠷᠠᠯ ᠢ ᠳᠠᠰᠬᠠᠯ ᠤᠨ ᠬᠡᠯᠪᠡᠷᠢ ᠳᠤ ᠪᠠᠷᠢᠭᠳᠠᠭᠤᠯᠬᠤ ᠦᠭᠡᠢ ᠪᠣᠯᠭᠠᠵᠤ᠂ ᠬᠡᠯᠪᠡᠷᠢ | ᠳᠦᠷᠰᠦ ᠲᠠᠢ ᠪᠠᠶᠢᠳᠠᠯ᠎ᠠ ᠪᠠᠨ ᠦᠯᠦ ᠬᠠᠷᠠᠬᠳᠠᠬᠤ ᠪᠣᠯᠭᠠᠵᠤ᠂ ᠬᠡᠤᠬᠡᠳ ᠤᠨ ᠠᠮᠢᠳᠤᠷᠠᠯ ᠳᠤ ᠦᠨᠡᠨᠬᠦ | ᠠᠭᠤᠰᠤᠯᠴᠠᠭᠤᠯᠬᠤ ᠳᠤ ᠮᠥᠨᠬᠦ ᠣᠯᠠᠨ ᠲᠠᠯ᠎ᠠ ᠪᠠᠷ ᠲᠠᠷᠢᠬᠢ ᠲᠤᠯᠤᠭᠠᠢ ᠪᠠᠨ ᠬᠦᠳᠡᠯᠭᠡᠵᠦ᠂ ᠬᠠᠮᠳᠤ ᠪᠠᠷ ᠬᠠᠶᠢᠨ | ᠰᠦᠪᠡᠭᠴᠢᠯᠡᠯᠲᠡ ᠬᠢᠬᠦ ᠬᠡᠷᠡᠭᠲᠡᠶ᠃ |