ᠰᠤᠷᠭᠠᠭᠤᠯᠢ ᠳᠤ ᠣᠷᠣᠬᠤ ᠳᠤ ᠨᠢᠭᠡ ᠬᠡᠦᠬᠡᠳ ᠢ ᠴᠦ ᠣᠷᠬᠢᠭᠳᠠᠭᠤᠯᠵᠤ ᠪᠣᠯᠬᠤ ᠥᠬᠡᠶ
ᠨᠡᠶᠢᠲᠡᠯᠡᠭᠰᠡᠨ ᠴᠠᠭ᠄
2019-12-04
                                                 ᠰᠤᠷᠪᠤᠯᠵᠢᠯᠠᠭᠴᠢ ᠵᠠᠩ ᠱᠦᠸᠧ         ᠰᠤᠷᠭᠠᠨ ᠬᠥᠮᠦᠵᠢᠯ ᠤᠨ ᠶᠠᠮᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠭᠤᠤᠯ  ᠰᠡᠳᠦᠪᠲᠦ ᠬᠥᠮᠦᠵᠢᠯ ᠡᠬᠢᠯᠡᠮᠡᠭᠴᠡ ᠳᠠᠷᠤᠶ ᠠᠰᠠᠭᠤᠳᠠᠯ ᠳᠤ ᠴᠢᠭᠯᠡᠭᠦᠯᠦᠨ᠂ ︽ᠥᠭᠡᠷᠡᠴᠢᠯᠡᠬᠦ︾ ᠭᠡᠳᠡᠭ ᠢ ᠡᠬᠢᠨ ᠠᠴᠠ ᠨᠢ ᠠᠪᠤᠭᠠᠳ ᠠᠳᠠᠭ ᠲᠤᠨᠢ ᠲᠤᠯᠳᠠᠯ᠎ᠠ ᠲᠤᠤᠱᠯᠠᠭᠤᠯᠤᠬᠰᠠᠭᠠᠷ ᠢᠷᠡᠪᠡ᠃ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ 9 ᠰᠠᠷ᠎ᠠ ᠶᠢᠨ ᠡᠴᠦᠰ ᠪᠣᠯᠲᠠᠯ᠎ᠠ᠂ ᠪᠥᠬᠦ ᠤᠯᠤᠰ ᠤᠨ832 ᠤᠯᠤᠰ ᠤᠨ ᠶᠠᠳᠠᠭᠤ ᠶᠢ ᠲᠡᠳᠬᠦᠵᠦ  ᠨᠡᠭᠡᠭᠡᠨ ᠬᠥᠭᠵᠢᠭᠦᠯᠬᠦ ᠠᠵᠢᠯ ᠤᠨ ᠭᠤᠤᠯᠳᠠᠯᠭ᠎ᠠ ᠲᠠᠢ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠯᠭ᠎ᠠ ᠪᠠᠨ ᠳᠣᠷᠭᠤᠨ ᠵᠣᠭᠰᠣᠭᠰᠠᠨ ᠰᠤᠷᠤᠭᠴᠢᠳ ᠤᠨ ᠲᠤᠭ᠎ᠠ 2019ᠣᠨ ᠤ 5 ᠰᠠᠷ᠎ᠠ ᠶᠢᠨ ᠰᠡᠭᠦᠯᠴᠢ ᠳᠤ 29 ᠲᠦᠮᠡ ᠪᠠᠶᠢᠭᠰᠠᠨ ᠠᠴᠠ ᠪᠠᠨ  6.5  ᠲᠦᠮᠡ  ᠪᠣᠯᠵᠤ  ᠪᠠᠭᠠᠰᠴᠠᠶ᠂ ᠡᠭᠦᠨ ᠳᠤ ᠳᠠᠩᠰᠠᠯᠠᠨ ᠺᠠᠷᠲ᠋ᠠᠯᠠᠬᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠯᠭ᠎ᠠ ᠪᠠᠨ ᠳᠣᠷᠭᠤᠨ ᠵᠣᠭᠰᠣᠭᠰᠠᠨ ᠰᠤᠷᠤᠭᠴᠢᠳ ᠤᠨ ᠲᠤᠭ᠎ᠠ 15 ᠲᠦᠮᠡ ᠪᠠᠶᠢᠭᠰᠠᠨ ᠠᠴᠠ ᠪᠠᠨ 2.7 ᠲᠦᠮᠡ ᠪᠣᠯᠵᠤ ᠪᠠᠭᠠᠰᠴᠠᠶ᠃         2018 ᠣᠨ ᠳᠤ᠂ ᠮᠠᠨ ᠤ ᠤᠯᠤᠰ ᠤᠨ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ‌‍ᠳᠤ ᠤᠷᠤᠬᠰᠠᠨ ᠴᠡᠪᠡᠷ ᠨᠣᠷᠮ᠎ᠠ 99.95 % ᠳᠤ ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠬᠡᠦᠬᠡᠳ ᠤᠨ ᠰᠤᠷᠭᠠᠭᠤᠯᠢ ᠳᠤ ᠤᠷᠤᠬᠰᠠᠨ ᠪᠦᠬᠦ ᠨᠣᠷᠮ᠎ᠠ 100.9% ᠳᠤ ᠬᠦᠷᠴᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 94.2% ᠲᠤ ᠬᠦᠷᠴᠦ᠂ ᠬᠠᠮᠢᠶ᠎ᠠ ᠪᠦᠬᠦᠢ ᠬᠦᠢᠴᠡᠳᠭᠡᠯ ᠲᠤᠭ᠎ᠠ ᠨᠢ ᠨᠢᠭᠡᠨᠲᠡ ᠳᠡᠯᠡᠬᠡᠶ ᠶᠢᠨ ᠥᠨᠳᠥᠷ ᠣᠷᠣᠯᠭ᠎ᠠ ᠲᠠᠢ ᠤᠯᠤᠰ ᠤᠨ ᠳᠤᠮᠳᠠᠴᠢ ᠲᠦᠪᠰᠢᠨ ᠳᠤ ᠬᠦᠷᠦᠭᠰᠡᠨ ᠪᠠᠶᠢᠨ᠎ᠠ᠃ ᠰᠤᠷᠤᠯᠭ᠎ᠠ ᠪᠠᠨ‌‍ᠲ᠋ᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠳᠤ᠂  ᠦᠯᠡᠳᠡᠭᠰᠡᠨ ᠠᠰᠠᠭᠤᠳᠠᠯ ᠨᠢ ᠪᠦᠷ ︽ᠬᠦᠴᠢᠷ‌ᠠᠰᠠᠭᠤᠳᠠᠯ︾ ᠪᠤᠯᠤᠨ᠎ᠠ᠃ ︽ᠵᠠᠷᠢᠮ ᠭᠠᠵᠠᠷ ᠤᠨ ᠬᠢᠨ ᠤ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠳᠤ ᠪᠠᠰᠠ ᠰᠠᠭᠤᠷᠢ ᠲᠤᠭ᠎ᠠ ᠨᠢ ᠲᠣᠳᠣᠷᠬᠠᠶ ᠥᠬᠡᠶ᠂ ᠬᠠᠷᠢᠭᠤᠴᠠᠯᠭ᠎ᠠ ᠨᠢ ᠲᠣᠳᠣᠷᠬᠠᠶ ᠥᠬᠡᠶ᠂ ᠬᠤᠯᠪᠣᠭᠠᠯᠠᠨ ᠬᠢᠵᠠᠭᠠᠷᠯᠠᠬᠤ ᠬᠦᠴᠦᠨ ᠲᠡᠭᠦᠯᠳᠡᠷ ᠪᠢᠰᠢ᠂ ᠦᠷ᠎ᠡ ᠪᠦᠲᠦᠮᠵᠢ ᠨᠢ ᠰᠠᠶᠢᠨ ᠪᠢᠰᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠡᠷᠬᠡᠪᠰᠢ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠶ︾ ᠭᠡᠵᠦ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠲᠠᠷᠤᠭ᠎ᠠ ᠯᠢᠦᠶ ᠢᠦᠶ ᠭᠠᠩ ᠬᠡᠯᠡᠪᠡ᠃         ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ  ᠪᠠᠲᠤᠯᠠᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠣᠯᠠᠨ ᠤᠳᠠᠭ᠎ᠠ ᠬᠤᠷᠠᠯ  ᠬᠤᠷᠠᠯᠳᠤᠭᠤᠯᠵᠤ᠂ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠵᠡᠷᠭᠡ ᠶᠢᠨ ᠲᠤᠬᠠᠢ ᠪᠠᠶᠢᠷᠢᠯᠠᠭᠤᠯᠤᠯᠲᠠ ᠬᠢᠵᠦ᠂ ᠱᠠᠭᠠᠷᠳᠠᠯᠭ᠎ᠠ  ᠳᠤᠷᠠᠳᠴᠤ᠂ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠬᠤ ᠨᠠᠰᠤᠨ ᠤ ᠬᠡᠤᠬᠡᠳ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠳᠡᠭᠡᠬᠦ ᠶᠢ ᠪᠠᠲᠤᠯᠠᠬᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠤᠬᠠᠢ ᠪᠣᠳᠠᠲᠠᠶ ᠠᠷᠭ᠎ᠠ ᠬᠡᠮᠵᠢᠶ᠎ᠡ ᠶᠢ ᠲᠤᠬᠳᠠᠭᠠᠬᠰᠠᠨ ᠪᠥᠭᠡᠳ 3 ᠪᠠᠶᠢᠴᠠᠭᠠᠨ ᠰᠤᠳᠤᠯᠬᠤ ᠳᠤᠭᠤᠶᠢᠯᠠᠩ ᠲᠣᠮᠢᠯᠠᠵᠤ᠂ 6  ᠮᠣᠵᠢ ᠣᠷᠣᠨ ᠳᠤ ᠬᠦᠷᠴᠦ ᠲᠤᠰᠬᠠᠶ ᠴᠡᠭᠴᠡᠯᠡᠨ ᠵᠠᠰᠠᠬᠤ ᠪᠠᠶᠢᠴᠠᠭᠠᠨ ᠰᠤᠳᠤᠯᠤᠯᠲᠠ ᠬᠢᠵᠡᠢ᠃        ᠣᠳᠣᠬᠠᠨ ᠳᠤ᠂ ᠰᠤᠷᠭᠠᠨ ᠬᠥᠮᠦᠵᠢᠯ ᠤᠨ ᠶᠠᠮᠤᠨ ᠨᠢᠭᠡᠨᠲᠡ 13 ᠮᠣᠵᠢ ᠣᠷᠣᠨ ᠲᠠᠢ ︽ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠠᠮᠲᠤᠷᠠᠨ ᠠᠵᠢᠯᠯᠠᠬᠤ ᠰᠠᠨᠠᠭᠤᠯᠤᠮᠵᠢ︾ ᠳᠤ ᠭᠠᠷ ᠤᠨ ᠦᠰᠦᠭ ᠵᠢᠷᠤᠵᠤ᠂ ᠭᠤᠤᠯᠳᠠᠯᠭ᠎ᠠ ᠲᠠᠢ ᠮᠣᠵᠢ ᠣᠷᠣᠨ ᠲᠠᠢ ᠳᠠᠩᠰᠠᠯᠡᠨ ᠺᠠᠷᠲ᠋ᠠᠯᠠᠬᠰᠠᠨ ᠶᠠᠳᠠᠭᠤ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠡᠭᠦᠷᠭᠡ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠤᠯᠪᠣᠭᠠᠯᠠᠨ ᠬᠢᠵᠠᠭᠠᠷᠯᠠᠵᠤ ᠬᠤᠯᠪᠣᠭᠠᠯᠠᠨ ᠪᠠᠲᠤᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠪᠥᠬᠦ ᠤᠯᠤᠰ ᠤᠨ 95% ᠶᠢᠨ ᠰᠢᠶᠠᠨ ᠨᠢ ︽ᠨᠢᠭᠡ ᠰᠢᠶᠠᠨ ᠳᠤ ᠨᠢᠭᠡ ᠲᠠᠩᠰᠠ ᠡᠪᠬᠡᠮᠡᠯ ᠲᠠᠢ ᠪᠠᠶᠢᠬᠤ︾ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠤᠨ ᠲᠥᠰᠦᠯ ᠢ ᠨᠡᠶᠢᠲᠡᠯᠡᠪᠡ᠃ ᠡᠭᠦᠨ ᠳᠤ᠂ ᠬᠦᠢᠵᠧᠦ᠂ ᠰᠧᠴᠤᠸᠠᠨ᠂ ᠭᠤᠸᠠᠩᠰᠢ ᠵᠡᠷᠭᠡ ᠭᠠᠵᠠᠷ ᠲᠤ ︽ᠵᠠᠰᠠᠭ ᠤᠨ ᠣᠷᠳᠣᠨ ᠨᠢᠭᠡᠳᠦᠯᠳᠡᠢ‌‍ᠪᠠᠶᠢᠬᠤ᠂ ᠰᠤᠷᠭᠠᠨ ᠬᠥᠮᠦᠵᠢᠯ ᠨᠢᠭᠡᠳᠦᠯᠳᠡᠢ ᠪᠠᠶᠢᠬᠤ︾ ᠶᠢ ᠬᠡᠷᠡᠭᠵᠢᠭᠦᠯᠦᠭᠰᠡᠨ  ᠬᠤᠤᠰ ᠱᠤᠭᠤᠮ ᠤᠨ ᠣᠯᠠᠨ ᠱᠠᠲᠤᠨ ᠤ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠶᠠᠨ ᠤ ᠳᠠᠷᠤᠭ᠎ᠠ᠂ ᠲᠣᠪᠴᠢᠶᠠᠨ ᠳᠠᠷᠤᠭ᠎ᠠ᠂ ᠭᠠᠴᠠᠭᠠᠨ ᠤ ᠺᠠᠳ᠋ᠷ᠂ ᠰᠤᠷᠭᠠᠭᠤᠯᠢ ᠶᠢᠨ ᠳᠠᠷᠤᠭ᠎ᠠ᠂ ᠭᠡᠷ ᠤᠨ ᠠᠬᠠᠮᠠᠳ ᠴᠥᠮ ᠬᠠᠷᠢᠭᠤᠴᠠᠵᠤ ᠪᠤᠢ᠃         ︽ᠰᠤᠷᠭᠠᠨ ᠬᠥᠮᠦᠵᠢᠯ ᠤᠨ ᠶᠠᠮᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠨᠠᠷ ᠤᠨ ᠰᠤᠷᠭᠠᠭᠤᠯᠢ ᠶᠢᠨ ᠬᠠᠷᠢᠶᠠᠯᠠᠯ ᠤᠨ ᠰᠢᠰᠲ᠋ᠧᠮ ᠬᠢᠭᠡᠳ ᠤᠯᠤᠰ ᠤᠨ ᠬᠥᠮᠥᠨ ᠠᠮᠠ ᠶᠢᠨ ᠰᠠᠭᠤᠷᠢ ᠮᠡᠳᠡᠭᠡ ᠵᠠᠩᠭᠢ ᠶᠢᠨ ᠬᠥᠮᠥᠷᠭᠡ᠂ ᠪᠥᠬᠦ ᠤᠯᠤᠰ ᠤᠨ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠮᠡᠳᠡᠭᠡ ᠵᠠᠩᠭᠢ ᠶᠢᠨ ᠬᠥᠮᠥᠷᠭᠡ ᠶᠢᠨ ᠬᠠᠷᠢᠴᠠᠭᠤᠯᠤᠯ ᠤᠨ ᠲᠣᠭᠲᠠᠴᠠ ᠶᠢ ᠴᠢᠨᠠᠬᠰᠢᠳᠠ ᠲᠡᠭᠦᠯᠳᠡᠷᠵᠢᠭᠦᠯᠵᠦ᠂ ᠡᠯ᠎ᠡ ᠭᠠᠵᠠᠷ ᠢ ᠵᠣᠬᠢᠶᠠᠨ ᠪᠠᠶᠢᠭᠤᠯᠤᠨ ᠪᠥᠬᠦ ᠤᠯᠤᠰ ᠤᠨ ᠲᠥᠪᠯᠡᠷᠡᠭᠦᠯᠦᠨ ᠪᠠᠶᠢᠳᠠᠯ ᠢ ᠤᠶᠢᠯᠠᠭᠠᠵᠤ ᠬᠠᠷᠭᠤᠭᠤᠯᠤᠨ ᠪᠠᠶᠢᠴᠠᠭᠠᠬᠤ  ᠠᠵᠢᠯ ᠢ 3 ᠤᠳᠠᠭ᠎ᠠ ᠥᠷᠨᠢᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠭᠰᠠᠨ ᠰᠤᠷᠤᠭᠴᠢ ᠨᠠᠷ ᠤᠨ ᠰᠠᠭᠤᠷᠢ ᠲᠤᠭ᠎ᠠ ᠶᠢ ᠴᠢᠨᠠᠬᠰᠢᠳᠠ ᠲᠤᠳᠤᠷᠬᠠᠢ ᠮᠡᠳᠡᠵᠦ᠂ ᠰᠤᠷᠤᠯᠭ᠎ᠠ ᠪᠠᠨ  ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠤᠨ ᠳᠠᠩᠰᠠ ᠡᠪᠬᠡᠮᠡᠯ ᠪᠠ ᠰᠦᠯᠵᠢᠶᠡᠨ ᠳᠡᠭᠡᠷᠡᠬᠢ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠥᠳᠡᠯᠦᠩᠭᠦᠶ ᠪᠠᠷ ᠨᠣᠮᠧᠷ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠪᠡ︾  ᠭᠡᠵᠦ ᠯᠢᠦᠶ ᠢᠦᠶ ᠭᠠᠩ ᠲᠠᠨᠢᠯᠴᠠᠭᠤᠯᠵᠠᠶ᠃        ᠰᠤᠷᠭᠠᠨ ᠬᠥᠮᠦᠵᠢᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠢ ᠬᠡᠷᠡᠭᠯᠡᠨ ᠬᠥᠳᠡᠭᠡ ᠲᠣᠰᠬᠤᠨ ᠤ ᠰᠤᠷᠭᠠᠭᠤᠯᠢ ᠳᠤ ᠰᠦᠢᠳᠭᠡᠯ ᠬᠤᠷᠢᠶᠠᠬᠤ ᠦᠭᠡᠢ ᠪᠠᠷ ᠴᠢᠨᠠᠷ ᠰᠠᠶᠢᠲᠠᠶ ᠰᠤᠷᠤᠯᠴᠠᠬᠤ ᠡᠬᠢ ᠪᠠᠶᠠᠯᠢᠭ ᠢ ᠬᠠᠩᠭᠠᠵᠤ᠂ ᠲᠥᠪ ᠤᠨ ᠡᠳ᠋ ᠤᠨ ᠵᠠᠰᠠᠭ ᠠᠴᠠ ᠵᠢᠯ ᠪᠦᠷᠢ  300  ᠳ᠋ᠦᠩᠰᠢᠭᠤᠷ ᠲᠥᠭᠦᠷᠢᠭ ᠰᠢᠬᠠᠮ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠪᠠ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢ ᠪᠦᠲᠦᠭᠡᠨ ᠪᠠᠶᠢᠭᠤᠯᠬᠤ ᠶᠢ ᠭᠤᠤᠯᠳᠠᠯᠭ᠎ᠠ ᠲᠠᠢ ᠪᠠᠷ ᠴᠢᠩᠭᠠᠳᠬᠠᠪᠠ᠃ ᠡᠭᠦᠨ ᠤ ᠬᠠᠮᠲᠤ᠂ ᠡᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠯ ᠢ ᠴᠢᠩᠭᠠᠳᠬᠠᠵᠤ᠂ ᠠᠵᠢᠯ ᠣᠯᠬᠤ ᠬᠦᠰᠡᠯ ᠮᠦᠷᠦᠭᠡᠳᠦᠯ ᠢᠶᠠᠷ ᠨᠡᠯᠢᠶᠡᠳ ᠴᠢᠩᠭ᠎ᠠ ᠰᠤᠷᠤᠭᠴᠢᠳ ᠲᠤ ᠵᠣᠬᠢᠬᠤ ᠠᠵᠢᠯ  ᠮᠡᠷᠭᠡᠵᠢᠯ ᠤᠨ ᠤᠷ᠎ᠠ ᠴᠢᠳᠠᠪᠤᠷᠢ ᠶᠢ ᠡᠵᠡᠮᠰᠢᠭᠦᠯᠦᠭᠰᠡᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号