ᠭᠠᠭ᠋ᠠᠶ ᠠᠯᠠᠵᠤ ᠡᠾᠥ᠋ᠢ ᠼᠠᠢ ᠢᠳᠡᠬᠦ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ ᠡᠬᠢᠯᠡᠵᠦ᠂ ᠰᠢᠭᠤᠶᠢᠲᠤ ᠲᠣᠭᠤᠷᠢᠭ ᠲᠠᠨ ᠢ ᠬᠡᠯᠡᠨ ᠤ ᠦᠵᠦᠭᠦᠷ ᠤᠨ ᠠᠮᠲᠠ ᠶᠢ ᠠᠮᠰᠠᠭᠤᠯᠬᠤ ᠦᠪᠡᠳᠡᠭᠰᠢ ᠶᠡᠭᠡ ᠨᠠᠶᠢᠷ ᠳᠡᠭᠡᠷ᠎ᠡ ᠤᠷᠢᠵᠤ ᠪᠠᠶᠢᠨ᠎ᠠ
ᠨᠡᠶᠢᠲᠡᠯᠡᠭᠰᠡᠨ ᠴᠠᠭ᠄
2019-12-05
      ᠬᠥᠭᠵᠢᠶᠡᠨ ᠨᠠᠷᠭᠢᠶᠠᠨᠲᠤ ᠶᠠᠩᠭᠠᠷ ᠪᠣᠰᠴᠤ᠂ ᠪᠠᠶᠠᠷ ᠪᠠᠶᠠᠰᠬᠤᠯᠠᠩᠲᠤ ᠬᠠᠷᠠᠩᠭ᠎ᠠ ᠬᠡᠩᠭᠡᠷᠭᠡ ᠳᠡᠯᠡᠳᠴᠦ᠂ ᠬᠥᠭᠵᠢᠯᠲᠡᠶ ᠰᠠᠶᠢᠬᠠᠨ ᠡᠳᠦᠷ ᠮᠦᠰᠢᠶᠡᠨ ᠢᠨᠢᠶᠡᠯᠳᠦᠪᠡ᠃ 12 ᠰᠠᠷ᠎ᠠ ᠶᠢᠨ 2 ᠤᠨ ᠡᠳᠦᠷ᠂ ᠰᠢᠭᠤᠶᠢᠲᠣ ᠲᠣᠭᠤᠷᠢᠭ ᠤᠨ ᠪᠠᠳᠺᠠᠷ ᠵᠤᠤ ᠪᠠᠯᠭᠠᠰᠤᠨ ᠤ ᠭᠠᠩ ᠹᠠᠩ ᠳ᠋ᠢ ᠲᠣᠰᠬᠤᠨ ᠤ ᠠᠩᠬᠠᠳᠤᠭᠠᠷ ᠬᠤᠭᠤᠴᠠᠭᠠᠨ ᠤ ᠭᠠᠭ᠋ᠠᠶ ᠠᠯᠠᠵᠤ ᠡᠾᠥ᠋ᠢ ᠼᠠᠢ ᠢᠳᠡᠬᠦ ᠪᠠᠶᠠᠷ ᠤᠨ ᠡᠳᠦᠷ ᠡᠬᠢᠯᠡᠪᠡ᠃ ᠴᠠᠭᠠᠨ ᠰᠠᠷ᠎ᠠ ᠶᠢᠨ ᠭᠠᠭ᠋ᠠᠶ ᠠᠯᠠᠬᠤ ᠵᠠᠩ ᠵᠠᠩᠰᠢᠯ᠂ ᠭᠠᠭ᠋ᠠᠶ ᠠᠯᠠᠵᠤ ᠡᠾᠥ᠋ᠢ ᠼᠠᠢ ᠶᠢᠨ ᠠᠮᠲᠠᠲᠤ ᠢᠳᠡᠭᠡᠨ᠂ ᠵᠢᠩᠬᠢᠨᠢ ᠲᠠᠷᠢᠶᠠᠯᠠᠩ ᠤᠨ ᠪᠦᠲᠦᠭᠡᠭᠳᠡᠬᠦᠨ ᠢ ᠠᠮᠲᠠᠯᠠᠬᠤ ᠁ ᠬᠥᠳᠡᠭᠡ ᠲᠣᠰᠬᠤᠨ ᠤ ᠠᠮᠲᠠᠲᠤ ᠢᠳᠡᠭᠡᠨ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠪᠠᠶᠠᠷ ᠤᠨ ᠡᠳᠦᠷ ᠥᠷᠨᠢᠵᠦ᠂ ᠬᠡᠯᠡᠨ ᠤ ᠦᠵᠦᠭᠦᠷ ᠤᠨ ᠠᠮᠲᠠᠲᠤ ᠴᠣᠮᠣᠷᠯᠢᠭ ᠤᠨ ᠦᠪᠡᠳᠡᠭᠰᠢ ᠨᠠᠶᠢᠷ ᠢ ᠠᠪᠴᠢᠷᠠᠭᠰᠠᠨ ᠢᠶᠠᠷ ᠪᠠᠷᠠᠬᠤ ᠦᠭᠡᠢ᠂ ᠨᠠᠩ ᠴᠤ ᠬᠥᠳᠡᠭᠡ ᠲᠣᠰᠬᠤᠨ ᠤ ᠪᠣᠳᠠᠰ ᠤᠨ ᠪᠣᠯᠪᠠᠰᠤᠨ᠂ ᠣᠶᠤᠨ ᠤ ᠪᠣᠯᠪᠠᠰᠤᠨ ᠤ ᠬᠤᠤᠰ ᠡᠯᠪᠡᠭ ᠬᠤᠷᠢᠶᠠᠯᠲᠠ ᠶᠢᠨ ︽ᠦᠪᠡᠳᠡᠭᠰᠢ ᠨᠠᠶᠢᠷ︾ ᠢ ᠠᠪᠴᠢᠷᠠᠨ᠂ ᠬᠥᠮᠦᠰ ᠤᠨ ︽ᠨᠤᠲᠤᠭ ᠨᠢ ᠮᠠᠰᠢ ᠭᠤᠶᠤ᠂ ᠶᠠᠭᠤᠨ ᠳᠤ ᠠᠯᠤᠰ ᠬᠤᠯᠠ ᠶᠠᠪᠤᠬᠤ ᠪᠣᠶ︾ ᠭᠡᠬᠦ ᠭᠦᠨ ᠵᠤᠵᠠᠭᠠᠨ ︽ᠨᠤᠲᠤᠭ ᠤᠨ ᠮᠥᠷᠥᠭᠡᠳᠦᠯ︾ ᠢ ᠪᠣᠶ ᠪᠣᠯᠭᠠᠭᠰᠠᠨ ᠪᠠᠶᠢᠨ᠎ᠠ᠃
      ︽ᠥᠨᠥᠳᠥᠷ ᠲᠤᠰᠬᠠᠶᠢᠯᠠᠨ ᠨᠠᠶᠢᠵᠠ ᠲᠠᠢ ᠪᠠᠨ ᠭᠠᠭ᠋ᠠᠶ ᠠᠯᠠᠬᠤ ᠡᠾᠥ᠋ᠢ ᠼᠠᠢ ᠠᠮᠲᠠᠯᠠᠬᠤ ᠪᠠᠷ ᠢᠷᠡᠵᠦ᠂ ᠠᠬᠤᠶ ᠲᠠᠯᠠᠪᠠᠢ ᠶᠢᠨ ᠠᠭᠤᠷ ᠠᠮᠢᠰᠬᠤᠯ ᠢ ᠰᠣᠨᠢᠷᠬᠠᠪᠠ᠃ ᠬᠥᠮᠦᠨ ᠮᠠᠰᠢ ᠣᠯᠠᠨ᠂ ᠮᠠᠰᠢ ᠬᠥᠷ ᠬᠥᠭᠵᠢᠶᠡᠨ ᠲᠠᠢ᠂ ᠪᠢᠳᠡᠨ ᠤ ᠰᠢᠭᠤᠶᠢᠲᠣ ᠶᠢᠨ ᠭᠠᠭ᠋ᠠᠶ ᠠᠯᠠᠬᠤ ᠨᠣᠭᠤᠭ᠎ᠠ ᠪᠣᠯ ᠮᠠᠰᠢ ᠵᠢᠩᠬᠢᠨᠢ᠃︾
      ︽ᠪᠢ ᠬᠦᠨᠳᠡᠯᠡᠨ ᠲᠣᠭᠤᠷᠢᠭ ᠠᠴᠠ ᠨᠠᠶᠢᠵᠠ ᠲᠠᠢ ᠪᠠᠨ ᠬᠠᠮᠲᠤ ᠢᠷᠡᠭᠰᠡᠨ ᠶᠤᠮ᠂ ᠡᠨᠡ ᠪᠣᠯ ᠮᠢᠨᠦ ᠦᠵᠡᠵᠦ ᠥᠩᠭᠡᠷᠡᠭᠰᠡᠨ ᠬᠠᠮᠤᠭ ᠤᠨ ᠶᠡᠭᠡ ᠶᠣᠰᠣᠯᠠᠯ ᠤᠨ ᠰᠡᠳᠬᠢᠯᠭᠡ ᠲᠠᠢ ᠭᠠᠭ᠋ᠠᠶ ᠠᠯᠠᠵᠤ ᠨᠣᠭᠤᠭ᠎ᠠ ᠬᠠᠭᠤᠷᠬᠤ ᠪᠠᠶᠠᠷ ᠮᠥᠨ︕ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠲᠠᠢ᠃︾
      ︽ᠴᠢ ᠦᠵᠡ᠂ ᠲᠠᠷᠢᠶᠠᠴᠢᠨ ᠠᠶᠢᠯ ᠤᠨ ᠭᠠᠭ᠋ᠠᠶ ᠶᠡᠷᠦ ᠨᠢ ᠠᠳᠠᠯᠢ ᠦᠭᠡᠢ᠂ ᠠᠳᠠᠭ ᠲᠠᠭᠠᠨ ᠳᠥᠷᠪᠡᠨ ᠬᠤᠷᠤᠭᠤ ᠲᠠᠷᠭᠤ ᠬᠦᠴᠦ ᠲᠠᠢ᠃︾
      ᠬᠦᠳᠡᠯᠭᠡᠭᠡᠨ ᠤ ᠲᠤᠬᠠᠢ ᠶᠢᠨ ᠲᠠᠯᠠᠪᠤᠷ ᠲᠤ᠂ ᠬᠥᠮᠦᠨ ᠤ ᠲᠣᠯᠣᠭᠠᠢ ᠬᠤᠷᠠᠵᠤ᠂ ᠬᠥᠷ ᠬᠥᠭᠵᠢᠶᠡᠨ ᠲᠠᠢ᠃ ᠬᠥᠳᠡᠭᠡ ᠲᠣᠰᠬᠤᠨ ᠤ ᠣᠨᠴᠠᠯᠢᠭ ᠲᠠᠢ ᠭᠠᠭ᠋ᠠᠶ ᠲᠠᠬᠢᠬᠤ ᠶᠣᠰᠣᠯᠠᠯ᠂ ᠳᠦᠷᠡᠯᠵᠡᠭᠰᠡᠨ ᠭᠠᠯ᠂ ᠶᠠᠩᠭᠠᠷ ᠲᠣᠭᠯᠠᠯᠲᠠ ᠵᠡᠷᠭᠡ ᠠᠷᠠᠳ ᠤᠨ ᠵᠠᠩ ᠦᠢᠯᠡ ᠶᠢᠨ ᠲᠥᠷᠥᠯ ᠵᠦᠢᠯ ᠨᠢ ᠵᠤᠭᠠᠴᠠᠭᠰᠠᠳ ᠲᠤ ᠨᠢᠳᠦ ᠬᠤᠵᠢᠷᠯᠠᠵᠤ᠂ ᠬᠥᠳᠡᠭᠡ ᠲᠣᠰᠬᠤᠨ ᠤ ᠠᠳᠠᠯᠢ ᠪᠤᠰᠤ ᠪᠠᠶᠢᠳᠠᠯ ᠢ ᠮᠡᠳᠡᠷᠡᠭᠦᠯᠪᠡ︔ ᠲᠠᠷᠢᠶᠠᠴᠢᠨ ᠠᠶᠢᠯ ᠤᠨ ᠭᠠᠭ᠋ᠠᠶ᠂ ᠬᠤᠯᠤ ᠶᠢᠨ ᠲᠣᠰᠣ᠂ ᠣᠯᠳᠣᠶ ᠳᠠᠬᠢᠶ᠎ᠠ᠂ ᠣᠯᠳᠣᠶ ᠥᠨᠳᠡᠭᠡ᠂ ᠨᠠᠷᠢᠮᠤ᠂ ᠶᠤᠤᠮᠠᠶ ᠶᠢᠨ ᠭᠤᠯᠢᠷ ᠵᠡᠷᠭᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ ᠨᠢ ᠵᠤᠭᠠᠴᠠᠭᠰᠠᠳ ᠤᠨ ᠬᠦᠷᠢᠶᠡᠯᠡᠯ ᠢ ᠣᠯᠵᠤ᠂ ᠣᠯᠠᠨ ᠢᠶᠠᠷ ᠢᠶᠠᠨ ᠪᠤᠯᠢᠶᠠᠯᠳᠤᠨ᠂ ᠨᠢᠭᠡ ᠬᠤᠪᠢ ᠪᠣᠭᠤᠷᠰᠤᠭ ᠠᠪᠴᠤ ᠭᠡᠷ ᠲᠡᠭᠡᠨ ᠬᠠᠷᠢᠭᠠᠳ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠤᠪᠢᠶᠠᠯᠴᠠᠵᠤ᠂ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠪᠡ᠃
      ᠲᠣᠭᠤᠭᠠᠨ ᠭᠡᠷ ᠲᠤ᠂ ᠨᠢᠭᠡ ᠲᠣᠭᠤᠭ᠎ᠠ ᠵᠢᠩᠬᠢᠨᠢ ᠭᠠᠭ᠋ᠠᠶ ᠠᠯᠠᠵᠤ ᠡᠾᠥ᠋ᠢ ᠼᠠᠢ ᠴᠢᠨᠠᠬᠤ ᠶᠢᠨ ᠲᠥᠯᠥᠭᠡ᠂ ᠰᠢᠨᠠᠭ᠎ᠠ ᠪᠠᠷᠢᠵᠤ ᠶᠠᠭᠠᠷᠠᠯᠳᠤᠵᠤ᠂ ᠲᠣᠮᠣ ᠨᠡᠭᠦᠷᠡᠰᠦ ᠵᠤᠤᠬᠠᠨ ᠳᠤ ᠫᠢᠰ ᠫᠠᠰ ᠫᠢᠰ ᠫᠠᠰ ᠭᠡᠵᠦ ᠳᠤᠤᠭᠠᠷᠤᠭᠠᠳ᠂ ᠨᠢᠭᠡ ᠢᠮᠠᠬᠤ ᠬᠠᠭᠠᠰ ᠢᠯᠡᠭᠦᠤ ᠥᠷᠭᠡᠨ᠂ ᠰᠠᠪᠬ᠎ᠠ ᠵᠤᠵᠠᠭᠠᠨ ᠮᠢᠬ᠎ᠠ ᠶᠡᠭᠡ ᠲᠣᠭᠤᠭᠠᠨ ᠳᠤ ᠬᠢᠵᠦ ᠬᠠᠭᠤᠷᠤᠨ᠎ᠠ᠃ ᠲᠣᠰᠣ ᠨᠢ ᠭᠠᠷᠲᠠᠯ᠎ᠠ ᠬᠠᠭᠤᠷᠬᠤ᠂ ᠮᠢᠬ᠎ᠠ ᠨᠢ ᠰᠢᠷᠠᠪᠲᠤᠷ᠂ ᠬᠤᠸᠠᠵᠤᠤ᠂ ᠳ᠋ᠠᠯᠢᠶᠣᠣ ᠬᠢᠵᠦ᠂ ᠲᠣᠭᠤᠭᠠᠨ ᠲᠠᠬᠢ ᠱᠥᠯᠥ ᠲᠠᠢ ᠤᠰᠤ ᠪᠤᠴᠠᠯᠵᠤ᠂ ᠮᠢᠬ᠎ᠠ ᠶᠢᠨ ᠦᠨᠦᠷ ᠨᠢ ᠳᠥᠷᠪᠡᠨ ᠵᠦᠭ ᠰᠠᠴᠤᠭᠰᠠᠨ ᠦᠶ᠎ᠡ ᠳᠤ ᠲᠤᠰ ᠭᠠᠵᠠᠷ ᠤᠨ ᠥᠮᠴᠢ ᠶᠢᠨ ︽ᠬᠥᠬᠡ ᠣᠯᠣᠰᠣᠨ ᠨᠠᠪᠴᠢ︾  ᠴᠠᠭᠠᠨ ᠨᠣᠭᠤᠭ᠎ᠠ ᠬᠢᠵᠦ᠂ ᠠᠮᠲᠠ ᠰᠢᠮᠲᠠ ᠨᠢ ᠵᠥᠭᠡᠯᠡᠨ ᠮᠥᠷᠲᠡᠭᠡᠨ ᠵᠠᠵᠢᠯᠤᠭᠤᠷ ᠲᠠᠢ᠂ ᠲᠦᠷᠭᠡᠨ ᠭᠠᠯ ᠢᠶᠠᠷ ᠴᠢᠨᠠᠵᠣ᠂ ᠨᠠᠮᠵᠢᠭᠤᠨ ᠭᠠᠯ ᠢᠶᠠᠷ ᠣᠳᠠᠭᠠᠨ ᠪᠣᠴᠠᠯᠭᠠᠨ᠎ᠠ᠃ ᠳᠠᠬᠢᠭᠠᠳ ᠬᠠᠭᠤᠷᠠᠢ ᠲᠦᠮᠦᠰᠦ ᠶᠢ ᠰᠣᠩᠭᠤᠵᠤ ᠲᠣᠭᠤᠭᠠᠨ ᠳᠤ ᠬᠢᠵᠦ᠂ ᠨᠣᠭᠤᠭ᠎ᠠ ᠮᠢᠬ᠎ᠠ ᠨᠢ ᠨᠡᠶᠢᠯᠡᠬᠦᠯᠬᠦ ᠪᠣᠯᠲᠠᠯ᠎ᠠ ᠬᠠᠭᠤᠷᠴᠣ᠂ ᠨᠢᠭᠡ ᠲᠣᠭᠤᠭ᠎ᠠ ᠵᠢᠩᠬᠢᠨᠢ ᠭᠠᠭ᠋ᠠᠢ ᠠᠯᠠᠬᠤ ᠡᠾᠥ᠋ᠢ ᠼᠠᠢ ᠳᠠᠷᠤᠢ ᠲᠣᠭᠤᠭᠠᠨ ᠠᠴᠠ ᠭᠠᠷᠴᠤ ᠪᠣᠯᠤᠨ᠎ᠠ᠃
      ᠶᠣᠰᠣᠯᠠᠯ ᠳᠠᠭᠤᠰᠤᠭᠰᠠᠨ ᠤ ᠳᠠᠷᠠᠭ᠎ᠠ᠂ ᠨᠢᠭᠡ ᠫᠧᠩᠰᠡᠲᠦ ᠬᠠᠯᠠᠭᠤᠨ ᠫᠧᠩᠰᠡᠲᠦ ᠭᠠᠭ᠋ᠠᠢ ᠠᠯᠠᠬᠤ ᠡᠾᠥ᠋ᠢ ᠼᠠᠢ ᠶᠢ ᠰᠢᠷᠡᠭᠡᠨ ᠳᠡᠭᠡᠷ᠎ᠡ ᠬᠦᠷᠭᠡᠵᠦ᠂ ᠨᠣᠭᠤᠭᠠᠨ ᠳᠣᠲᠣᠷ᠎ᠠ ᠨᠢ ᠭᠠᠭ᠋ᠠᠶ ᠶᠢᠨ ᠮᠢᠬ᠎ᠠ ᠰᠢᠩᠭᠡᠵᠦ᠂ ᠠᠮᠲᠠᠲᠤ ᠴᠣᠮᠣᠷᠯᠢᠭ ᠢᠶᠠᠷ ᠳᠦᠭᠦᠷᠴᠦ ᠪᠠᠶᠢᠯ᠎ᠠ᠃ ᠬᠡᠳᠦᠨ ᠫᠢᠯᠠ ᠬᠦᠢᠲᠡᠨ ᠨᠣᠭᠤᠭ᠎ᠠ᠂ ᠬᠡᠳᠦᠨ ᠯᠣᠩᠬᠤ ᠬᠠᠷ᠎ᠠ ᠠᠷᠢᠬᠢ᠂ ᠬᠥᠮᠦᠨ ᠪᠦᠷᠢ ᠨᠢᠭᠡ ᠠᠶᠠᠭ᠎ᠠ ᠭᠠᠭ᠋ᠠᠢ ᠠᠯᠠᠬᠤ ᠡᠾᠥ᠋ᠢ ᠼᠠᠢ ᠨᠢ᠂ ᠬᠥᠳᠡᠭᠡ ᠲᠣᠰᠬᠤᠨ ᠤ ᠦᠨᠦᠷ ᠠᠮᠲᠠ ᠢ ᠠᠪᠴᠢᠷᠠᠵᠤ᠂ ᠣᠯᠠᠨ ᠢᠶᠠᠷ ᠢᠶᠠᠨ ᠨᠢᠭᠡ ᠲᠠᠯ᠎ᠠ ᠪᠠᠷ ᠳᠠᠭᠤ ᠲᠠᠯᠪᠢᠨ ᠢᠨᠢᠶᠡᠵᠦ ᠠᠷᠢᠬᠢ ᠤᠤᠭᠤᠵᠤ᠂ ᠨᠥᠭᠦᠭᠡ ᠲᠠᠯ᠎ᠠ ᠪᠠᠷ ᠭᠠᠭ᠋ᠠᠢ ᠠᠯᠠᠬᠤ ᠡᠾᠥ᠋ᠢ ᠼᠠᠢ ᠶᠢᠨ ᠠᠮᠲᠠ ᠪᠠ ᠡᠵᠡᠨ ᠤ ᠪᠠᠨ ᠬᠠᠯᠠᠭᠤᠨ ᠰᠡᠳᠬᠢᠯᠭᠡ ᠶᠢ ᠠᠮᠲᠠᠯᠠᠵᠤ᠂ ᠨᠢᠭᠡ ᠵᠢᠯ ᠤᠨ ᠬᠦᠴᠢᠷ ᠪᠡᠷᠬᠡᠰᠢᠶᠡᠯ ᠨᠢ ᠪᠦᠷ ᠠᠮᠲᠠᠲᠤ ᠢᠳᠡᠭᠡᠨ ᠢᠶᠠᠷ ᠠᠷᠢᠯᠵᠠᠢ︕
      ᠭᠠᠩ ᠹᠠᠩ ᠳ᠋ᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤ᠋ ᡁᠢ ᠵᠢᠶᠦ᠋ᠨ᠂ ᠭᠠᠭ᠋ᠠᠶ ᠠᠯᠠᠵᠤ ᠡᠾᠥ᠋ᠢ ᠼᠠᠢ ᠴᠢᠨᠠᠬᠤ ᠪᠠᠶᠠᠷ ᠢ ᠡᠷᠬᠢᠯᠡᠭᠰᠡᠨ ᠨᠢ ᠨᠠᠮ ᠤᠨ ᠪᠠᠶᠢᠭᠤᠯᠣᠯᠲᠠ ᠪᠠᠷ ᠬᠥᠳᠡᠯᠦᠨ ᠳᠠᠭᠠᠭᠤᠯᠬᠤ᠂ ᠲᠣᠰᠬᠤᠨ ᠠᠵᠤ ᠠᠬᠤᠶᠢᠯᠠᠯ ᠬᠠᠮᠲᠤ ᠪᠠᠶᠢᠭᠤᠯᠬᠤ ᠪᠠᠷ ᠳᠠᠮᠵᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠲᠠᠨᠢᠯᠴᠠᠭᠤᠯᠪᠠ᠃ ᠵᠢᠯ ᠤᠨ ᠭᠠᠭ᠋ᠠᠶ ᠠᠯᠠᠬᠤ ᠵᠠᠩ ᠳᠠᠳᠬᠠᠯ ᠢ ᠳᠡᠯᠭᠡᠨ ᠦᠵᠡᠭᠦᠯᠬᠦ ᠪᠠᠷ ᠳᠠᠮᠵᠢᠨ ᠭᠠᠩ ᠹᠠᠩ ᠳ᠋ᠢ ᠲᠣᠰᠬᠤᠨ ᠤ ᠨᠢᠭᠡ ᠡᠳᠦᠷ ᠤᠨ ᠵᠤᠭᠠᠴᠠᠯ ᠢ ᠪᠠᠶᠢᠭᠤᠯᠵᠣ᠂ ᠨᠠᠩ ᠣᠯᠠᠨ ᠬᠤᠲᠠ ᠶᠢᠨ ᠠᠷᠠᠳ ᠠᠳᠡ ᠢᠷᠡᠵᠦ ᠲᠠᠷᠢᠶᠠᠯᠠᠩ ᠤᠨ ᠪᠦᠲᠦᠭᠡᠭᠳᠡᠬᠦᠨ ᠬᠤᠳᠠᠯᠳᠤᠨ ᠠᠪᠴᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠲᠤᠬᠠᠶ ᠶᠢᠨ ᠡᠳᠦᠷ ᠬᠤᠲᠠ ᠶᠢᠨ ᠠᠷᠠᠳ ᠣᠷᠣᠯᠴᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ ᠶᠢᠨ ᠣᠷᠣᠯᠭ᠎ᠠ ᠬᠡᠳᠦᠨ ᠲᠦᠮᠡᠨ ᠲᠥᠭᠦᠷᠢᠭ ᠲᠤ ᠬᠦᠷᠴᠡᠶ᠃       ᠣᠶᠢᠷ᠎ᠠ ᠶᠢᠨ ᠵᠢᠯ ᠲᠤᠷᠰᠢ᠂ ᠪᠠᠳᠺᠠᠷ ᠵᠤᠤ ᠪᠠᠯᠭᠠᠰᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠᠷ ᠬᠠᠷᠠᠯᠲᠠ ᠪᠣᠯᠭᠠᠵᠤ᠂ ᠨᠠᠮ ᠤᠨ ᠪᠠᠶᠢᠭᠤᠯᠣᠯᠲᠠ ᠪᠠᠷ ᠬᠥᠳᠡᠯᠦᠨ ᠳᠠᠭᠠᠭᠤᠯᠬᠤ᠂ ᠲᠣᠰᠬᠤᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠲᠠᠪᠣᠷᠢᠵᠢᠭᠤᠯᠬᠤ᠂ ᠲᠠᠷᠢᠶᠠᠯᠠᠩ ᠤᠨ ᠲᠤᠰᠬᠠᠶ ᠬᠤᠷᠰᠢᠶᠠᠵᠢᠯ ᠢ ᠲᠡᠳᠬᠦᠬᠦ ᠪᠠᠷ ᠳᠠᠮᠵᠢᠨ ᠭᠠᠩ ᠹᠠᠩ ᠳ᠋ᠢ ᠲᠣᠰᠬᠤᠨ ᠳᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠬᠥᠳᠡᠭᠡ ᠲᠣᠰᠬᠤᠨ ᠤ ᠵᠤᠭᠠᠴᠠᠯ ᠤᠨ ᠣᠨᠴᠠᠯᠢᠭᠲᠤ ᠫᠷᠥᠵᠧᠺᠲ ᠢ ᠬᠡᠷᠡᠭᠵᠢᠭᠦᠯᠪᠡ᠃ ᠲᠤᠩᠭᠠᠯᠠᠭ ᠣᠰᠣᠨ ᠴᠠᠭᠠᠨ ᠨᠣᠭᠤᠭ᠎ᠠ᠂ ᠰᠧᠯᠧᠨ ᠨᠠᠷᠢᠮᠤ᠂ ᠠᠯᠲᠠᠨ ᠪᠠᠳᠮ᠎ᠠ ᠴᠡᠴᠡᠭ ᠵᠡᠷᠭᠡ ᠣᠨᠴᠠᠯᠢᠭᠲᠤ ᠲᠠᠷᠢᠮᠠᠯ ᠤᠨ ᠡᠳ᠋ᠰᠢᠭᠦᠯᠦᠯᠲᠡ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ᠂ ᠡᠯᠪᠡᠭ ᠬᠤᠷᠢᠶᠠᠯᠲᠠ ᠶᠢᠨ ᠪᠠᠶᠠᠷ᠂ ᠭᠠᠭ᠋ᠠᠶ ᠠᠯᠠᠵᠤ ᠡᠾᠥ᠋ᠢ ᠼᠠᠢ ᠢᠳᠡᠬᠦ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ ᠵᠡᠷᠭᠡ ᠣᠨᠴᠠᠯᠢᠭᠲᠤ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠰᠣᠶᠣᠯ ᠢ ᠳᠡᠯᠭᠡᠨ ᠦᠵᠡᠭᠦᠯᠬᠦ ᠶᠢᠨ ᠬᠠᠮᠲᠤ ᠵᠤᠭᠠᠴᠠᠭᠰᠠᠳ ᠤᠨ ᠥᠷᠲᠡᠭᠡ ᠵᠡᠷᠭᠡ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠢ ᠪᠠᠶᠢᠭᠤᠯᠤᠨ᠎ᠠ᠃ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠲᠣᠬᠢᠷᠠᠭᠤᠯᠬᠤ ᠶᠢ ᠦᠨᠡᠨᠬᠦ ᠲᠦᠯᠬᠢᠨ ᠠᠬᠢᠭᠤᠯᠵᠤ᠂ ᠲᠣᠰᠬᠤᠨ ᠤ ᠱᠠᠲᠤᠨ ᠤ ᠠᠵᠤ ᠠᠬᠤᠶ ᠶᠢ ᠪᠦᠲᠦᠮᠵᠢᠲᠡᠶ ᠪᠠᠷ ᠠᠮᠢᠳᠤᠯᠢᠭᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠵᠢᠭᠦᠯᠦᠭᠰᠡᠨ ᠪᠠᠶᠢᠨ᠎ᠠ᠃       ᠠᠩᠬᠠᠳᠤᠭᠠᠷ ᠬᠤᠭᠤᠴᠠᠭᠠᠨ ᠤ ᠭᠠᠭ᠋ᠠᠶ ᠠᠯᠠᠵᠤ ᠡᠾᠥ᠋ᠢ ᠼᠠᠢ ᠢᠳᠡᠬᠦ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ ᠤᠨ ᠡᠳᠦᠷ       12 ᠰᠠᠷ᠎ᠠ ᠶᠢᠨ 20 ᠤ ᠡᠳᠦᠷ ᠪᠣᠯᠲᠠᠯ᠎ᠠ ᠦᠷᠭᠦᠯᠵᠢᠯᠡᠨ᠎ᠡ       ᠴᠠᠭ ᠢᠶᠠᠨ ᠰᠠᠶᠢᠨ ᠴᠡᠭᠡᠵᠢᠯᠡᠵᠦ ᠪᠢᠲᠡᠭᠡᠢ ᠠᠯᠲᠠ︕
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号