ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 12 ᠰᠠᠷ᠎ᠠ ᠶᠢᠨ 3 ᠤ ᠡᠳᠦᠷ ᠤᠨ ᠮᠡᠳᠡᠭᠡ | ︵ᠰᠤᠷᠪᠤᠯᠵᠢᠯᠠᠭᠴᠢᠵᠣᠤ ᠧ ᠨᠦᠸᠧ︶ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠪᠡᠭᠡᠵᠢᠩ ᠤᠨ | ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ᠂ ᠪᠡᠭᠡᠵᠢᠩ ᠤᠨ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠲᠥᠪ ᠤᠨ ᠳᠠᠭᠤᠤ ᠬᠥᠭᠵᠢᠮ ᠤᠨ ᠲᠡᠭᠡᠲᠦ | ᠰᠤᠷᠭᠠᠭᠤᠯᠢ᠂ ᠲᠥᠪ ᠤᠨ ᠤᠷᠠᠨ ᠵᠢᠷᠤᠭ ᠤᠨ ᠲᠡᠭᠡᠲᠦ ᠰᠤᠷᠭᠠᠭᠤᠯᠢ᠂ ᠲᠥᠪ ᠤᠨ ᠰᠢ ᠵᠦᠴᠦᠭᠡ ᠶᠢᠨ ᠲᠡᠭᠡᠲᠦ | ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠶᠠᠨ ᠠᠨ ᠶᠡᠭᠡ ᠰᠤᠷᠭᠠᠭᠤᠯᠢ ᠵᠡᠷᠭᠡ ᠶᠠᠨ ᠠᠨ ᠳᠤ | ᠮᠡᠨᠳᠦᠯᠡᠭᠰᠡᠨ 9 ᠶᠡᠭᠡ ᠲᠡᠭᠡᠲᠦ ᠰᠤᠷᠭᠠᠭᠤᠯᠢ ᠶᠢᠨ ᠬᠢᠨ ᠲᠦᠷᠦᠭᠦᠬᠡᠨ ᠶᠠᠨ ᠾᠧ ᠶᠡᠭᠡ ᠲᠡᠭᠡᠲᠦ | ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠬᠤᠯᠪᠣᠭ᠎ᠠ ︵ᠶᠠᠨ ᠾᠧ ᠶᠢᠨ ᠬᠤᠯᠪᠣᠭ᠎ᠠ︶ ᠶᠢ ᠪᠠᠶᠢᠭᠤᠯᠤᠭᠰᠠᠨ | ᠪᠥᠭᠡᠳ ︽ᠶᠠᠨ ᠾᠧ ᠶᠡᠭᠡ ᠲᠡᠭᠡᠲᠦ ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠬᠤᠯᠪᠣᠭᠠᠨ ᠤ ᠲᠤᠩᠬᠠᠭ︾ ᠢ | ᠨᠡᠶᠢᠲᠡᠯᠡᠪᠡ᠃ | ᠲᠤᠩᠬᠠᠭ ᠢ ᠦᠨᠳᠦᠰᠦᠯᠡᠪᠡᠯ᠂ 9 ᠶᠡᠭᠡ ᠲᠡᠭᠡᠲᠦ ᠰᠤᠷᠭᠠᠭᠤᠯᠢ ᠨᠢ ᠬᠠᠮᠲᠤᠷᠠᠯ ᠤᠨ ᠬᠦᠴᠦᠨ ᠢᠶᠠᠨ | ᠨᠢᠭᠲᠠᠷᠠᠭᠤᠯᠵᠤ᠂ ᠴᠢᠳᠠᠪᠤᠷᠢᠲᠠᠨ ᠬᠥᠮᠦᠵᠢᠭᠦᠯᠬᠦ ᠲᠠᠯ᠎ᠠ ᠪᠠᠷ ᠬᠠᠮᠵᠢᠯᠴᠠᠨ ᠬᠠᠮᠲᠤᠷᠠᠯᠴᠠᠵᠤ᠂ ᠲᠠᠪᠠᠭᠤᠯᠢᠬ ᠢᠶᠠᠷ ᠢᠶᠠᠨ | ᠬᠠᠷᠢᠯᠴᠠᠨ ᠨᠦᠭᠦᠪᠦᠷᠢᠯᠡᠵᠦ᠂ ᠵᠢᠭᠠᠨ ᠰᠤᠷᠭᠠᠯᠲᠠ ᠶᠢᠨ ᠰᠢᠰᠲ᠋ᠧᠮ ᠢ ᠪᠠᠶᠢᠭᠤᠯᠬᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠭᠤᠯᠭ᠎ᠠ ᠶᠢ ᠲᠡᠭᠦᠯᠳᠡᠷᠵᠢᠭᠦᠯᠬᠦ᠂ ᠵᠢᠭᠠᠨ ᠰᠤᠷᠭᠠᠯᠲᠠ ᠶᠢᠨ ᠠᠷᠭ᠎ᠠ ᠶᠢ ᠰᠢᠨᠡᠴᠢᠯᠡᠬᠦ ᠵᠡᠷᠭᠡ | ᠲᠠᠯ᠎ᠠ ᠪᠠᠷ ᠬᠦᠴᠦᠯᠡᠵᠦ᠂ ᠣᠯᠠᠨ ᠰᠤᠷᠭᠠᠭᠤᠯᠢ ᠬᠠᠮᠲᠤᠷᠠᠨ ᠬᠥᠳᠡᠯᠦᠯᠴᠡᠬᠦ᠂ ᠬᠠᠮᠵᠢᠯᠴᠠᠨ ᠴᠢᠳᠠᠪᠤᠷᠢᠳᠠᠨ | ᠬᠦᠮᠦᠵᠢᠭᠦᠯᠭᠦ ᠰᠢᠨ᠎ᠡ ᠵᠠᠭᠪᠤᠷ ᠢ ᠰᠦᠪᠡᠭᠴᠢᠯᠡᠨ ᠪᠦᠷᠢᠯᠳᠦᠭᠦᠯᠦᠨ᠎ᠡ᠃ ᠡᠭᠦᠨ ᠤ ᠬᠠᠮᠲᠤ᠂ ᠬᠤᠯᠪᠣᠭᠠᠨ ᠤ ᠮᠠᠶ᠋ᠢᠭ ᠤᠨ | ᠶᠡᠭᠡ ᠲᠡᠭᠡᠲᠦ ᠰᠤᠷᠭᠠᠭᠤᠯᠢ ᠶᠢᠨ ᠬᠠᠮᠲᠤᠷᠠᠯᠴᠠᠭᠠᠨ ᠤ ᠲᠣᠭᠲᠠᠴᠠ ᠶᠢ ᠬᠠᠮᠲᠤᠪᠠᠷ ᠰᠦᠪᠡᠭᠴᠢᠯᠡᠵᠦ᠂ ᠶᠡᠭᠡ ᠲᠡᠭᠡᠲᠦ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠬᠦᠭᠵᠢᠭᠦ ᠶᠢ ᠠᠬᠢᠭᠤᠯᠤᠨ᠎ᠠ᠃ ᠬᠢᠴᠢᠶᠡᠯᠯᠡᠭᠡ ᠶᠢᠨ | ᠰᠢᠰᠲ᠋ᠧᠮ᠂ ᠬᠥᠮᠦᠵᠢᠭᠦᠯᠬᠦ ᠲᠣᠭᠲᠠᠴᠠ᠂ ᠦᠢᠯᠡᠳᠦᠯᠭᠡ ᠶᠢᠨ ᠪᠣᠯᠪᠠᠰᠤᠷᠠᠯ᠂ ᠪᠠᠭᠰᠢ ᠶᠢᠨ ᠡᠩᠨᠡᠭᠡ ᠵᠡᠷᠭᠡ | ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ᠂ ᠬᠠᠷᠢᠯᠴᠠᠨ | ᠠᠬᠢᠭᠤᠯᠤᠭᠰᠠᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠤᠨ᠎ᠠ᠃ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠬᠢ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠶᠡᠭᠡ ᠲᠡᠭᠡᠲᠦ | ᠰᠤᠷᠭᠠᠭᠤᠯᠢ ᠶᠢᠨ ᠴᠢᠳᠠᠪᠤᠷᠢᠲᠠᠨ ᠤ ᠳᠠᠪᠠᠭᠤᠯᠢᠭ ᠲᠤ ᠲᠦᠰᠢᠭᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠲᠦᠷᠭᠡᠳᠬᠡᠵᠦ᠂ ᠥᠨᠳᠥᠷ ᠲᠦᠪᠰᠢᠨ ᠪᠦ᠋ᠭᠦᠢ ᠰᠢᠡᠵᠢᠯᠡᠭᠦ ᠤᠬᠠᠭᠠᠨ ᠤ ᠰᠤᠳᠤᠯᠭᠠᠨ ᠤ ᠦᠷ᠎ᠠ | ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠰᠢᠨ᠎ᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠶᠢ ᠠᠬᠢᠭᠤᠯᠤᠨ᠎ᠠ᠃ | |