ᠰᠢᠨᠬᠤᠸᠠ ᠬᠤᠷᠢᠶᠠᠨ ᠤ ᠫᠠᠷᠢᠰ ᠤᠨ 12 ᠰᠠᠷ᠎ᠠ ᠶᠢᠨ 3 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠴᠧᠨ ᠴᠧᠨ︶ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ︵ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ︶ ᠶᠢᠨ 3 ᠤ ᠡᠳᠦᠷ ᠨᠡᠶᠢᠲᠡᠯᠡᠭᠰᠡᠨ 15 ᠨᠠᠰᠤᠲᠠᠶ | ᠰᠤᠷᠤᠭᠴᠢᠳ ᠤᠨ ᠤᠡᠭᠰᠢᠯᠭ᠎ᠠ᠂ ᠲᠣᠭᠠᠨ ᠤ ᠤᠬᠠᠭᠠᠨ ᠪᠠ ᠰᠢᠨᠵᠢᠯᠡᠬᠦ ᠤᠬᠠᠭᠠᠨ ᠤ ᠲᠠᠯ᠎ᠠ ᠪᠠᠷ ᠬᠢ ᠢᠯᠡᠷᠡᠯ ᠤᠨ | ᠣᠯᠠᠨ ᠤᠯᠤᠰ ᠤᠨ ᠰᠢᠯᠭᠠᠨ ᠦᠨᠡᠯᠡᠭᠰᠡᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠰᠢᠯᠭᠠᠨ ᠦᠨᠡᠯᠡᠯᠲᠡ ᠳᠤ | ᠣᠷᠣᠯᠴᠠᠭᠰᠠᠨ 79 ᠤᠯᠤᠰ ᠪᠠ ᠭᠠᠵᠠᠷ ᠣᠷᠣᠨ ᠤ60 ᠲᠦᠮᠡ ᠰᠢᠬᠠᠮ ᠰᠤᠷᠤᠭᠴᠢᠳ ᠤᠨ ᠳᠣᠲᠣᠷ᠎ᠠ᠂ ᠳᠤᠮᠳᠠᠳᠤ | ᠤᠯᠤᠰ ᠤᠨ ᠳᠣᠲᠣᠷ ᠭᠠᠵᠠᠷ ᠤᠨ ᠰᠤᠷᠤᠭᠴᠢ ᠨᠢᠭᠡᠳᠦᠭᠡᠷ ᠲᠤ᠋ᠣᠷᠣᠵᠤ᠂ ᠰᠢᠩᠭᠠᠫᠣᠷ᠂ ᠳᠤᠮᠳᠠᠳᠤ ᠤᠯᠤᠰ ᠤᠨ | ᠣᠣᠮᠧᠨ ᠪᠠ ᠳᠤᠮᠳᠠᠳᠤ ᠤᠯᠤᠰ ᠤᠨ ᠰᠢᠶᠠᠩᠭᠠᠩ ᠤᠨ ᠰᠤᠷᠤᠭᠴᠢ ᠲᠠᠷᠠᠭᠠᠯᠠᠵᠠᠢ᠃ | ᠡᠨᠡ ᠪᠣᠯ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠣᠯᠠᠨ ᠤᠯᠤᠰ ᠤᠨ | ᠰᠤᠷᠤᠭᠴᠢᠳ ᠢ ᠦᠨᠡᠯᠡᠨ ᠵᠢᠱᠢᠬᠦ ᠲᠦᠷᠦᠯ ᠵᠦᠢᠯ ︵PISA︶ ᠤᠨ 2018 ᠣᠨ ᠤ ᠲᠣᠮᠣ ᠬᠡᠯᠪᠡᠷᠢ ᠶᠢᠨ | ᠰᠤᠷᠭᠠᠨ ᠬᠥᠮᠦᠵᠢᠯ ᠤᠨ ᠰᠢᠯᠭᠠᠯᠲᠠ ᠶᠢᠨ ᠨᠢᠭᠡ ᠬᠡᠰᠡᠭ ᠪᠣᠯᠤᠨ᠎ᠠ᠃ ᠪᠡᠭᠡᠵᠢᠩ᠂ ᠱᠠᠩᠬᠠᠶ᠂ ᠵᠢᠶᠠᠩᠰᠦ ᠪᠣᠯᠤᠨ | ᠵᠧᠵᠢᠶᠠᠩ 4 ᠮᠣᠵᠢ ᠬᠤᠲᠠ ᠶᠢᠨ ᠰᠤᠷᠤᠭᠴᠢᠳ ᠳᠤᠮᠳᠠᠳᠤ ᠤᠯᠤᠰ ᠤᠨ ᠳᠣᠲᠣᠷ ᠭᠠᠵᠠᠷ ᠢ ᠲᠥᠯᠥᠭᠡᠯᠡᠨ ᠰᠢᠯᠭᠠᠨ | ᠦᠨᠡᠯᠡᠯᠲᠡ ᠳᠤ ᠣᠷᠣᠯᠴᠠᠪᠠ᠃ ᠰᠢᠯᠭᠠᠨᠦᠨᠡᠯᠡᠭᠰᠡᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠤᠩᠰᠢᠯᠭ᠎ᠠ᠂ | ᠲᠣᠭᠠᠨ ᠤ ᠤᠬᠠᠭᠠᠨ᠂ ᠰᠢᠨᠵᠢᠯᠡᠬᠦ ᠤᠬᠠᠭᠠᠨ ᠤ ᠰᠢᠯᠭᠠᠯᠲᠠ ᠳᠤ ᠳᠤᠮᠳᠠᠳᠤ ᠤᠯᠤᠰ ᠤᠨ ᠳᠣᠲᠣᠷ ᠭᠠᠵᠠᠷ ᠤᠨ | ᠰᠤᠷᠤᠭᠴᠢᠳ ᠤᠨ ᠤᠯᠤᠬᠰᠠᠨ ᠬᠤᠪᠢ ᠨᠢ ᠪᠤᠰᠤᠳ ᠤᠯᠤᠰ ᠪᠠ ᠭᠠᠵᠠᠷ ᠣᠷᠣᠨ ᠤ ᠬᠢ ᠠᠴᠠ ᠥᠨᠳᠥᠷ ᠪᠤᠯᠵᠠᠢ᠃ | ᠮᠡᠳᠡᠭᠦᠯᠦᠯᠲᠡ ᠳᠤ ᠤᠯᠵᠤ ᠮᠡᠳᠡᠭᠰᠡᠨ ᠢᠶᠠᠷ᠂ ᠲᠣᠭᠠᠴᠢᠯᠠᠭᠰᠠᠨ ᠮᠡᠷᠭᠡᠵᠢᠯ ᠨᠢ ᠰᠤᠷᠤᠭᠴᠢᠳ ᠤᠨ | ᠬᠢᠴᠢᠶᠡᠯ ᠤᠨ ᠭᠠᠳᠠᠨᠠᠬᠢ ᠠᠮᠢᠳᠤᠷᠠᠯ ᠢ ᠶᠡᠬᠡᠬᠡᠨ ᠬᠡᠮᠵᠢᠶ᠎ᠡ ᠪᠠᠷ ᠬᠤᠪᠢᠷᠠᠭᠤᠯᠵᠠᠶ᠃ 2009 ᠣᠨ ᠤ ᠬᠢ ᠲᠠᠢ | ᠠᠳᠠᠯᠢᠳᠬᠠᠪᠠᠯ᠂ ᠨᠣᠮ ᠤᠩᠰᠢᠬᠤ ᠳᠤᠷᠠᠲᠠᠶ ᠰᠤᠷᠤᠭᠴᠢ ᠶᠢᠨ ᠬᠠᠷᠢᠴᠠᠯ ᠪᠠᠭᠠᠰᠴᠤ᠂ ᠰᠤᠷᠤᠭᠴᠢᠳ ᠨᠠᠩ ᠠᠷᠪᠢᠨ | ᠴᠠᠭ ᠵᠠᠷᠤᠴᠠᠭᠤᠯᠵᠤ ᠰᠦᠯᠵᠢᠶᠡᠨ ᠳᠤ ᠤᠷᠤᠬᠤ ᠪᠤᠯᠵᠠᠢ᠃ ᠮᠡᠳᠡᠭᠦᠯᠦᠯᠲᠡ ᠳᠤ ᠪᠠᠰᠠ ᠢᠯᠡᠷᠡᠭᠦᠯᠦᠭᠰᠡᠨ ᠢᠶᠠᠷ᠂ ᠡᠮᠡᠭᠲᠡᠶ | ᠰᠤᠷᠤᠬᠴᠢ ᠶᠢᠨ ᠳᠤᠮᠳᠠᠴᠢ ᠤᠩᠰᠢᠯᠭ᠎ᠠ ᠶᠢᠨ ᠴᠢᠳᠠᠪᠤᠷᠢ ᠨᠢ ᠡᠷᠡᠭᠲᠡᠶ ᠰᠤᠷᠤᠬᠴᠢ ᠶᠢᠨ ᠬᠢ ᠠᠴᠠ ᠢᠯᠡᠷᠭᠡᠢ | ᠰᠢᠯᠢᠳᠡᠭ ᠪᠠᠶᠢᠨ᠎ᠠ᠃ ᠲᠣᠭᠠᠨ ᠤ ᠤᠬᠠᠭᠠᠨ ᠤ ᠲᠠᠯ᠎ᠠ ᠪᠠᠷ᠂ ᠡᠷᠡᠭᠲᠡᠶ ᠰᠤᠷᠤᠭᠴᠢ ᠶᠢᠨ ᠶᠡᠷᠦᠩᠬᠡᠶ ᠢᠯᠡᠷᠡᠯ ᠨᠢ ᠡᠮᠡᠭᠲᠡᠶ | ᠰᠤᠷᠤᠭᠴᠢ ᠶᠢᠨ ᠬᠢ ᠠᠴᠠ ᠵᠢᠭᠠᠬᠠᠨ ᠰᠠᠶᠢᠨ ᠰᠢᠭ᠋ ᠪᠠᠶᠢᠨ᠎ᠠ᠂ ᠭᠡᠪᠡᠴᠦ ᠰᠢᠨᠵᠢᠯᠡᠬᠦ ᠤᠬᠠᠭᠠᠨ ᠤ ᠲᠠᠯ᠎ᠠ ᠪᠠᠷ ᠡᠷᠡᠭᠲᠡᠶ | ᠰᠤᠷᠤᠭᠴᠢ ᠨᠢ ᠡᠮᠡᠭᠲᠡᠶ ᠰᠤᠷᠤᠭᠴᠢ ᠶᠢ ᠬᠦᠷᠭᠦ ᠦᠭᠡᠢ ᠰᠢᠭ ᠪᠠᠶᠢᠨ᠎ᠠ᠃ | | |