ᠲᠠᠪᠤᠨ ᠰᠠᠯᠠᠭ᠎ᠠ ᠮᠥᠴᠢᠷ᠄ ᠬᠥᠳᠡᠭᠡ ᠲᠣᠰᠬᠤᠨ ᠤ ᠰᠤᠷᠭᠠᠭᠤᠯᠢ ᠶᠢᠨ ᠬᠤᠭᠤᠯᠠᠨ ᠭᠡᠷ ᠢ ᠭᠠᠳᠠᠭᠰᠢ ᠳᠠᠭᠠᠭᠠᠴᠢᠯᠠᠭᠤᠯᠬᠤ ᠪᠤᠶᠤ ᠨᠠᠶᠢᠳᠠᠨ ᠡᠵᠡᠩᠨᠡᠭᠦᠯᠵᠦ ᠪᠣᠯᠬᠤ ᠦᠭᠡᠢ
ᠨᠡᠶᠢᠲᠡᠯᠡᠭᠰᠡᠨ ᠴᠠᠭ᠄
2019-12-06
        ᠠᠷᠠᠳ ᠤᠨ ᠰᠦᠯᠵᠢᠶ᠎ᠡ ᠶᠢᠨ ᠪᠡᠭᠡᠵᠢᠩ ᠤᠨ 12 ᠰᠠᠷ᠎ᠠ ᠶᠢᠨ 4 ᠤ ᠡᠳᠦᠷ ᠤᠨ ᠮᠡᠳᠡᠭᠡ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠶᠢᠨ ᠮᠡᠳᠡᠭᠡ ᠶᠢ  ᠦᠨᠳᠦᠰᠦᠯᠡᠪᠡᠯ᠂ ᠣᠢᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠠᠮᠲᠤᠷᠠᠨ ︽ᠬᠥᠳᠡᠭᠡ‌‍ᠲ᠋ᠣᠰᠬᠤᠨ ᠤ ᠠᠯᠪᠠᠨ  ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠤᠯᠠᠮ  ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠨᠡᠶᠢᠲᠡᠯᠡᠪᠡ᠃         ︽ᠮᠡᠳᠡᠭᠳᠡᠯ︾ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠬᠤᠭᠤᠯᠠᠨ ᠤ ᠬᠡᠷᠡᠭᠰᠡᠯ ᠢ ᠲᠣᠬᠢᠷᠠᠭᠤᠯᠬᠤ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠬᠤᠭᠤᠯᠠᠨ ᠭᠡᠷ ᠤᠨ ᠭᠠᠵᠠᠷ ᠰᠣᠩᠭᠤᠬᠤ ᠪᠠ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠴᠢᠩᠳᠠᠯᠠᠨ᠂ ᠬᠤᠭᠤᠯᠠᠨ ᠭᠡᠷ ᠤᠨ ᠴᠢᠳᠠᠮᠵᠢ ᠶᠢᠨ ᠣᠷᠣᠨ ᠲᠣᠭᠤᠷᠢᠭ ᠢ ᠵᠦᠢ ᠵᠣᠬᠢᠰᠲᠠᠶ ᠲᠥᠯᠥᠪᠵᠢᠭᠦᠯᠵᠦ᠂ ᠲᠤᠭᠤᠭᠠᠯᠠᠬᠤ ᠠᠵᠢᠯᠯᠠᠭᠠᠨ ᠤ ᠤᠷᠤᠨ ᠲᠠᠯᠠᠪᠤᠷ ᠤᠳ ᠤᠨ ᠲᠣᠬᠢᠷᠠᠭᠤᠯᠤᠯᠲᠠ ᠶᠢ ᠵᠢᠷᠤᠮᠵᠢᠭᠤᠯᠤᠨ᠂ ᠬᠤᠭᠤᠯᠠᠨ ᠤ ᠬᠡᠷᠡᠭᠰᠡᠯ ᠤᠨ ᠲᠥᠷᠥᠯ ᠵᠦᠢᠯ᠂ ᠲᠤᠭ᠎ᠠ ᠬᠡᠮᠵᠢᠶ᠎ᠡ᠂ ᠶᠠᠰᠤ ᠴᠢᠨᠠᠷ ᠵᠡᠷᠭᠡ ᠶᠢ ᠲᠣᠳᠣᠷᠬᠠᠶᠢᠯᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠵᠥᠪᠰᠢᠶᠡᠷᠡᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠬᠠᠮᠢᠶ᠎ᠠ ᠪᠦᠬᠦᠢ ᠲᠥᠷᠥᠯ ᠵᠦᠢᠯ ᠪᠠ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠰᠠᠶᠢᠲᠤᠷ ᠵᠣᠬᠢᠴᠠᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠵᠥᠪᠰᠢᠶᠡᠷᠡᠯ ᠤᠨ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠬᠤᠭᠤᠯᠠᠨ ᠭᠡᠷ ︵ᠲᠣᠭᠤᠭᠠᠨ ᠭᠡᠷ︶ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠡᠳᠬᠡᠮᠵᠢ ᠲᠥᠬᠦᠭᠡᠷᠦᠮᠵᠢ  ᠶᠢᠨ ᠲᠤᠬᠢᠷᠠᠭᠤᠯᠤᠯᠳᠠ ᠶᠢ ᠲᠡᠭᠦᠯᠳᠡᠷᠵᠢᠭᠦᠯᠦᠨ᠂ ᠰᠤᠷᠤᠭᠴᠢᠳ ᠤᠨ ᠬᠤᠭᠤᠯᠠ ᠢᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭᠤᠯᠠᠨ ᠭᠡᠷ ᠤᠨ ᠬᠤᠭᠤᠯᠠ ᠬᠠᠩᠭᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ︽ᠭᠤᠷᠪᠠᠨ ᠤᠷᠤᠨ ᠭᠤᠷᠪᠠᠨ ᠵᠧᠤ︾ ᠵᠡᠷᠭᠡ ᠶᠠᠳᠠᠭᠤ ᠬᠦᠴᠢᠷᠳᠡᠯᠲᠡᠶ ᠭᠠᠵᠠᠷ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠬᠤᠭᠤᠯᠠᠯᠠᠬᠤ ᠰᠤᠷᠤᠭᠴᠢ ᠶᠢᠨ ᠲᠤᠭ᠎ᠠ ᠯᠤᠭ᠎ᠠ ᠶᠢᠨ ᠬᠠᠷᠢᠴᠠᠯ ᠢ 1᠄ 100 ᠶᠢᠨ ᠬᠠᠷᠢᠴᠠᠯ ᠠᠴᠠ ᠳᠣᠤᠷ᠎ᠠ ᠪᠠᠶᠢᠯᠭᠠᠬᠤ ᠦᠭᠡᠢ ᠶᠤᠰᠤᠭᠠᠷ ᠬᠤᠭᠤᠯᠠᠨ ᠬᠡᠷ ︵ᠲᠤᠭᠤᠭᠠᠨ ᠭᠡᠷ︶ ᠲᠤ ᠠᠵᠢᠯᠯᠠᠬᠰᠠᠳ ᠢ   ᠬᠦᠢᠴᠡᠳ ᠲᠤᠬᠢᠷᠠᠭᠤᠯᠬᠤ ᠶᠢᠨ ᠬᠠᠮᠳᠤ ᠲᠡᠲᠡᠨ ᠤ ᠬᠠᠷᠠᠭᠠᠯᠵᠠᠯ ᠪᠤᠯᠤᠨ ᠲᠤᠰᠬᠠᠢ ᠮᠡᠷᠭᠡᠵᠢᠯ ᠤᠨ ᠪᠤᠯᠪᠠᠰᠤᠷᠠᠯ ᠵᠡᠷᠭᠡ ᠠᠰᠠᠭᠤᠳᠠᠯ ᠢ ᠲᠤᠬᠢᠳᠠᠢ ᠰᠢᠢᠳᠪᠦᠷᠢᠯᠡᠭᠦ ᠬᠡᠷᠡᠭᠲᠡᠢ᠃ ᠠᠵᠢᠯᠯᠠᠵᠤ ᠪᠠᠶᠢᠭ᠎ᠠ ᠬᠥᠮᠦᠰ ᠨᠢ ᠬᠦᠷᠦᠯᠴᠡᠬᠦ ᠦᠭᠡᠢ ᠪᠣᠯ ᠤᠷᠢᠳᠠᠪᠠᠷ ᠢᠯᠡᠭᠦᠴᠡ ᠪᠠᠭᠰᠢ ᠶᠢᠨ ᠳᠤᠮᠳᠠ ᠠᠴᠠ ᠠᠵᠢᠯ ᠤᠨ ᠪᠠᠶᠢᠷᠢ ᠰᠢᠯᠵᠢᠭᠦᠯᠪᠡᠯ ᠵᠤᠬᠢᠬᠤ ᠪᠦᠭᠡᠳ ᠪᠠᠰᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠬᠤᠳᠠᠯᠳᠤᠨ ᠠᠪᠬᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠠᠴᠠ ᠨᠥᠬᠦᠴᠡᠯ ᠳᠤ ᠨᠡᠶᠢᠴᠡᠬᠦ ᠬᠥᠮᠦᠰ ᠢ ᠢᠯᠡ ᠪᠠᠷ ᠤᠷᠢᠨ ᠬᠡᠷᠡᠭᠯᠡᠭᠰᠡᠨ ᠴᠦ ᠪᠣᠯᠤᠨ᠎ᠠ᠃ ᠰᠤᠷᠭᠠᠭᠤᠯᠢ ᠶᠢᠨ ᠬᠤᠭᠤᠯᠠᠨ ᠭᠡᠷ︵ᠲᠣᠭᠤᠭᠠᠨ ᠭᠡᠷ︶ ᠨᠢ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠪᠠᠶᠢᠬᠤ︾ ᠵᠠᠷᠴᠢᠮ ᠢ ᠪᠠᠷᠢᠮᠲᠠᠯᠠᠨ᠂ ᠰᠤᠷᠭᠠᠭᠤᠯᠢ ᠨᠢ ᠥᠪᠡᠰᠦᠪᠡᠨ ᠡᠷᠬᠢᠯᠡᠵᠦ ᠥᠪᠡᠰᠦᠪᠡᠨ ᠬᠠᠮᠢᠶᠠᠷᠬᠤ ᠬᠡᠷᠡᠭᠲᠡᠶ᠂   ᠭᠠᠳᠠᠭᠰᠢ ᠳᠠᠭᠠᠭᠠᠴᠢᠯᠠᠭᠤᠯᠬᠤ ᠪᠤᠶᠤ ᠨᠠᠶᠢᠳᠠᠨ ᠡᠵᠡᠩᠨᠡᠭᠦᠯᠵᠦ ᠪᠣᠯᠬᠤ ᠦᠭᠡᠢ ᠭᠡᠵᠦ ᠱᠠᠭᠠᠷᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号