ᠰᠤᠷᠭᠠᠨ ᠬᠥᠮᠦᠵᠢᠯ ᠤᠨ ᠶᠠᠮᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠵᠥᠷᠢᠴᠡᠭᠰᠡᠨ 8 ᠬᠡᠷᠡᠭ ᠤᠨ ᠵᠢᠱᠢᠶ᠎ᠡ ᠶᠢ ᠢᠯᠡᠴᠢᠯᠡᠪᠡ
ᠨᠡᠶᠢᠲᠡᠯᠡᠭᠰᠡᠨ ᠴᠠᠭ᠄
2019-12-09
ᠭᠠᠳᠠᠭᠠᠳᠤ ᠶᠢᠨ ᠪᠠᠭᠰᠢ ᠠᠩᠬ᠎ᠠ ᠤᠳᠠᠭ᠎ᠠ ᠢᠯᠡᠴᠢᠯᠡᠯᠳᠡ ᠳᠤ ᠤᠷᠤᠵᠠᠢ         ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 12 ᠰᠠᠷ᠎ᠠ ᠶᠢᠨ 5 ᠤ ᠡᠳᠦᠷ ᠤᠨ ᠮᠡᠳᠡᠭᠡ ︵ᠳᠤᠮᠳᠠᠳᠤ ᠤᠯᠤᠰ ᠤᠨ ᠵᠠᠯᠠᠭᠤᠴᠤᠳ ᠰᠣᠨᠢᠨ· ᠳᠤᠮᠳᠠᠳᠤ ᠤᠯᠤᠰ ᠤᠨ ᠵᠠᠯᠠᠭᠤᠴᠤᠳ ᠰᠦᠯᠵᠢᠶ᠎ᠡ ᠶᠢᠨ ᠰᠤᠷᠪᠤᠯᠵᠢᠯᠠᠭᠴᠢ ᠶᠧ ᠢᠦᠶ ᠲᠢᠩ︶ ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠠᠴᠠ ᠤᠶᠢᠯᠠᠭᠠᠬᠰᠠᠨ ᠢᠶᠠᠷ᠂ ᠲᠦᠷᠦᠭᠦᠬᠡᠨ  ᠰᠤᠷᠭᠠᠨ ᠬᠥᠮᠦᠵᠢᠯ ᠤᠨ ᠶᠠᠮᠤᠨ ᠤᠶᠢᠷ᠎ᠠ ᠶᠢᠨ ᠬᠤᠭᠤᠴᠠᠭᠠᠨ ᠤ ᠰᠢᠪᠠᠳᠠᠨ ᠪᠠᠶᠢᠴᠠᠭᠠᠯᠳᠠ ᠳᠤ ᠣᠷᠣᠨ ᠨᠤᠲᠤᠭ ᠪᠠ ᠰᠤᠷᠭᠠᠭᠤᠯᠢ ᠠᠴᠠ ᠪᠠᠶᠢᠴᠠᠭᠠᠨ ᠭᠠᠷᠭᠠᠵᠤ ᠰᠢᠢᠳᠪᠦᠷᠢᠯᠡᠭᠰᠡᠨ ᠪᠠᠭᠰᠢ ᠵᠢᠨ‌ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠠᠷᠪᠠᠨ ᠵᠦᠢᠯ ᠤᠨ ᠪᠠᠷᠢᠮᠵᠢᠶ᠎ᠠ ᠶᠢ ᠵᠥᠷᠢᠴᠡᠭᠰᠡᠨ 8 ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠪᠡ᠃         ᠡᠳᠡᠭᠡᠷ ᠨᠡᠶᠢᠲᠡᠯᠢᠭ ᠬᠡᠷᠡᠭ ᠤᠨ ᠵᠢᠱᠢᠶ᠎ᠡ ᠳᠤ᠄ ᠠᠨᡁᠦ᠋ᠢ ᠮᠤᠵᠢ ᠶᠢᠨ ᠰᠦᠵᠧᠦ ᠬᠤᠲᠠ ᠶᠢᠨ ᠪᠥᠸᠧ ᠶᠠ ᠲᠤᠷᠰᠢᠯᠲᠠ ᠶᠢᠨ ᠰᠤᠷᠭᠠᠭᠤᠯᠢ ᠶᠢᠨ ᠪᠠᠭᠰᠢ ᠰᠢᠤᠢ ᠣᠪᠣᠭᠲᠤ ᠶᠢᠨ  ᠰᠤᠷᠤᠭᠴᠢ ᠶᠢ ᠵᠤᠳᠤᠵᠤ ᠵᠠᠨᠴᠢᠬᠰᠠᠨ ᠠᠰᠠᠭᠤᠳᠠᠯ᠂ ᠲᠢᠶᠠᠨᠵᠢᠨ ᠤ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠵᠦᠵᠢᠶᠠᠩ ᠳᠡᠭᠡᠳᠦ ᠰᠤᠷᠭᠠᠭᠤᠯᠢ ᠶᠢᠨ ᠪᠠᠭᠰᠢ ᠯᠢ ᠣᠪᠣᠭᠲᠤ ᠶᠢᠨ ᠰᠤᠷᠤᠭᠴᠢ ᠳᠤ ᠪᠡᠯᠭᠡ ᠶᠢᠨ ᠬᠠᠯᠳᠠᠯᠭ᠎ᠠ ᠬᠢᠭᠰᠡᠨ ᠠᠰᠠᠭᠤᠳᠠᠯ᠂ ᠬᠠᠷᠠᠮᠦ᠋ᠷᠡᠨ ᠮᠤᠵᠢ ᠶᠢᠨ ᠬᠠᠷᠪᠢᠨ ᠬᠤᠲᠠ ᠶᠢᠨ ᠳ᠋ᠤᠤ ᠯᠢ ᠲᠣᠭᠤᠷᠢᠭ ᠤᠨ ᠵᠤᠤ ᠯᠢᠨ ᠪᠠᠭ᠎ᠠ ᠰᠤᠷᠭᠠᠭᠤᠯᠢ ᠶᠢᠨ ᠪᠠᠭᠰᠢ ᠵᠢᠶᠤᠤ ᠣᠪᠣᠭᠲᠤ ᠶᠢᠨ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠨ ᠠᠪᠤᠭᠰᠠᠨ ᠠᠰᠠᠭᠤᠳᠠᠯ᠂ ᠬᠦᠢᠵᠧᠦ ᠮᠤᠵᠢ ᠶᠢᠨ ᠬᠦᠢᠶᠠᠩ ᠬᠤᠳᠠ ᠶᠢᠨ ᠳᠤᠮᠳᠠᠳᠤ  ᠺᠠᠨᠠᠳᠠ ᠰᠢᠨ᠎ᠡ ᠶᠢᠷᠲᠢᠨᠴᠦ ᠨᠡᠷᠡᠮᠵᠢᠳᠦ ᠣᠯᠠᠨ ᠤᠯᠤᠰ ᠤᠨ ᠰᠤᠷᠭᠠᠭᠤᠯᠢ ︵ᠠᠷᠠᠳ ᠠᠴᠠ ᠡᠷᠬᠢᠯᠡᠭᠰᠡᠨ︶ ᠶᠢᠨ ᠪᠠᠭᠰᠢ ᠯᠢᠦ ᠣᠪᠣᠭᠲᠤ ᠶᠢᠨ ᠰᠤᠷᠤᠭᠴᠢ ᠶᠢ ᠱᠠᠯᠢᠭᠯᠠᠬᠰᠠᠨ ᠠᠰᠠᠭᠤᠳᠠᠯ᠂ ᠯᠢᠶᠣᠤᠨᠢᠩ ᠮᠤᠵᠢ ᠶᠢᠨ ᠬᠤ᠋ ᠯᠦ ᠳ᠋ᠤᠤ ᠬᠤᠲᠠ ᠶᠢᠨ ᠰᠦᠶ ᠵᠥᠩ ᠰᠢᠶᠠᠨ ᠤ ᠭᠤᠤ ᠲᠠᠢ ᠪᠠᠯᠭᠠᠰᠤᠨ ᠤ ᠱᠦᠶ ᠺᠧᠤ ᠲᠣᠰᠬᠤᠨ ᠤ ᠪᠠᠭ᠎ᠠ ᠰᠤᠷᠭᠠᠭᠤᠯᠢ ᠶᠢᠨ ᠵᠠᠬᠢᠷᠤᠯ ᠸᠠᠩ ᠣᠪᠣᠭᠲᠤ ᠶᠢᠨ ᠰᠤᠷᠤᠭᠴᠢ ᠳᠤ ᠪᠡᠯᠭᠡ ᠶᠢᠨ ᠬᠠᠯᠳᠠᠯᠭ᠎ᠠ ᠬᠢᠭᠰᠡᠨ ᠠᠰᠠᠭᠤᠳᠠᠯ᠂ ᠠᠨᡁᠦ᠋ᠢ ᠮᠤᠵᠢ ᠶᠢᠨ ᠯᠢᠦ ᠠᠨ ᠬᠤᠲᠠ ᠶᠢᠨ ᠬᠥᠩᠭᠡᠨ ᠠᠵᠤ ᠦᠢᠯᠡᠳᠪᠦᠷᠢ ᠵᠢᠨ‌‍ᠲ᠋ᠤᠮᠳᠠᠳᠤ ᠰᠤᠷᠭᠠᠭᠤᠯᠢ ︵ᠠᠷᠠᠳ ᠠᠴᠠ ᠡᠷᠬᠢᠯᠡᠭᠰᠡᠨ︶ ᠶᠢᠨ ᠪᠠᠭᠰᠢ ᠶᠤᠸᠠᠨ ᠣᠪᠣᠭᠲᠤ ᠶᠢᠨ ᠰᠤᠷᠤᠭᠴᠢ ᠶᠢ  ᠱᠠᠯᠢᠭᠯᠠᠬᠰᠠᠨ ᠠᠰᠠᠭᠤᠳᠠᠯ ᠵᠡᠷᠭᠡ ᠪᠤᠢ᠃         ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠪᠠᠰᠠ ᠭᠠᠳᠠᠭᠠᠳᠤ ᠶᠢᠨ ᠬᠦᠮᠦᠨ ᠤ ᠳᠤᠮᠳᠠᠳᠤ ᠤᠯᠤᠰ ᠲᠤ᠋‌‍ᠪᠠᠭᠰᠢᠯᠠᠬᠤ ᠬᠠᠮᠢᠶᠠᠷᠤᠯᠲᠠ ᠶᠢ ᠴᠢᠩᠳᠠᠯᠠᠵᠤ᠂  ᠰᠢᠨ᠎ᠡ ᠴᠠᠭ ᠦᠶ᠎ᠡ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠠᠷᠪᠠᠨ ᠵᠦᠢᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ᠂ ᠭᠠᠳᠠᠭᠠᠳᠤ ᠶᠢᠨ  ᠪᠠᠭᠰᠢ ᠶᠢᠨ ᠬᠠᠮᠢᠶ᠎ᠠ ᠪᠦᠬᠦᠢ ᠲᠦᠷᠢᠮ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠤᠶᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠡᠢ᠄ ᠡᠨᠡ ᠨᠢ ᠱᠠᠨᠳᠦ᠋ᠩ ᠮᠤᠵᠢ ᠶᠢᠨ ᠴᠢᠩᠳᠣᠤ ᠬᠤᠲᠠ ᠶᠢᠨ ᠬᠤᠲᠠ ᠶᠢᠨ ᠬᠤᠶᠢᠲᠤ ᠲᠣᠭᠤᠷᠢᠭ ᠤᠨ ᠤᠯᠠᠭᠠᠨ ᠰᠢᠷ᠎ᠠ ᠬᠥᠬᠡ ᠦᠡᠭᠭᠡᠳᠦ ᠸᠠᠨ ᠺᠧ ᠴᠧᠩ ᠨᠡᠷᠡᠮᠵᠢᠳᠦ ᠬᠡᠤᠬᠡᠳ ᠤᠨ ᠴᠡᠴᠡᠷᠯᠢᠭ ᠤᠨ ᠨᠢᠭᠡᠨ ᠭᠠᠳᠠᠭᠠᠳᠤ ᠶᠢᠨ ᠪᠠᠭᠰᠢ ᠶᠢᠨ ᠪᠢᠴᠢᠬᠠᠨ ᠬᠡᠤᠬᠡᠳ ᠢ ᠱᠠᠯᠢᠭᠯᠠᠬᠰᠠᠨ ᠠᠰᠠᠭᠤᠳᠠᠯ᠂ ᠵᠧᠩᠵᠧᠤ ᠶᠡᠭᠡ ᠰᠤᠷᠭᠠᠭᠤᠯᠢ ᠶᠢᠨ ᠨᠢᠭᠡᠨ ᠭᠠᠳᠠᠭᠠᠳᠤ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠠᠰᠠᠭᠤᠳᠠᠯ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号