ᠳᠤᠭᠤᠷᠢᠭ ᠤᠨ ᠳᠠᠩᠰᠠ ᠡᠪᠬᠡᠮᠡᠯ ᠤᠨ ᠳᠤᠪᠴᠢᠶ᠎ᠡ 2018 ᠤᠨ ᠤ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-03-15
       3 ᠰᠠᠷ᠎ᠠ ᠶᠢᠨ 11 ᠤ ᠡᠳᠤᠷ᠂ ᠳᠤᠭᠤᠷᠢᠭ ᠤᠨ ᠳᠠᠩᠰᠠ ᠡᠪᠬᠡᠮᠡᠯ ᠤᠨ ᠳᠤᠪᠴᠢᠶ᠎ᠡ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠢ ᠬᠤᠷᠠᠯᠳᠤᠪᠠ᠃ ᠨᠠᠮ ᠤᠨ ᠡᠬᠦᠷ ᠤᠨ ᠱᠦᠵᠢ ᠵᠢᠴᠢ ᠪᠤᠰᠤᠳ 4 ᠵᠢᠩᠭᠢᠨᠢ ᠨᠠᠮ ᠤᠨ ᠭᠡᠰᠢᠬᠦᠨ ᠬᠤᠷᠠᠯ ᠳᠤ ᠤᠷᠤᠯᠴᠠᠪᠠ᠃
       ᠬᠤᠷᠠᠯ ᠳᠡᠭᠡᠷ᠎ᠠ᠂ ᠨᠠᠮ ᠤᠨ ᠡᠬᠦᠷ ᠤᠨ ᠱᠦᠵᠢ ᠠᠴᠠ 2018 ᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤ ᠮᠡᠳᠡᠬᠦᠯᠦᠯᠳᠠ ᠬᠢᠭᠰᠡᠨ ᠪᠦᠭᠡᠳ ᠤᠳᠤᠷᠢᠳᠬᠤ ᠪᠠᠭ ᠢ ᠳᠦᠯᠦᠭᠡᠯᠡᠨ ᠤᠯᠤᠰ ᠳᠦᠷᠦ᠂ ᠰᠠᠬᠢᠯᠭ᠎ᠠ ᠪᠠᠳᠤ᠂ ᠵᠠᠩ ᠮᠤᠷᠠᠯ᠂ ᠤᠪᠤᠷ ᠰᠤᠷᠳᠠᠯ ᠵᠡᠷᠭᠡ ᠳᠠᠯ᠎ᠠ ᠪᠠᠷ ᠬᠠᠷᠢᠴᠠᠭᠤᠯᠤᠨ ᠪᠠᠶᠢᠴᠠᠭᠠᠵᠦ᠂ ᠬᠤᠷᠠᠯ ᠳᠤ ᠤᠷᠤᠯᠴᠠᠭᠰᠠᠨ ᠨᠠᠮ ᠤᠨ ᠬᠡᠰᠢᠬᠦᠨ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠦᠷᠨᠢᠬᠦᠯᠪᠡ᠃        ᠬᠤᠷᠠᠯ ᠠᠴᠠ ᠪᠦᠬᠦ ᠨᠠᠮ ᠤᠨ ᠬᠡᠰᠢᠬᠦᠳ ᠤᠨ ᠤᠷᠤᠰᠢᠵᠦ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ᠂ ᠠᠰᠠᠭᠤᠳᠠᠯ ᠤᠨ ᠳᠠᠩᠰᠠ ᠪᠠᠶᠢᠭᠤᠯᠵᠦ ᠨᠢᠭᠡ ᠨᠢᠭᠡ ᠪᠠᠷ ᠴᠡᠭᠴᠡᠯᠡᠨ ᠦᠭᠡᠷᠡᠴᠢᠯᠡᠵᠦ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢᠨ ᠳᠦᠪᠰᠢᠨ ᠢᠶᠠᠨ ᠳᠡᠭᠡᠭᠰᠢᠯᠡᠬᠦᠯᠵᠦ᠂ ᠬᠤᠪᠢ ᠬᠦᠮᠦᠨ ᠤ ᠨᠠᠮᠴᠢ ᠴᠢᠨᠠᠷ ᠤᠨ ᠪᠤᠯᠪᠠᠰᠤᠷᠠᠯ ᠢᠶᠠᠨ ᠳᠡᠰᠤᠷᠠᠯᠳᠠ ᠦᠭᠡᠢ ᠨᠡᠮᠡᠭᠳᠡᠬᠦᠯᠬᠦ ᠬᠡᠷᠡᠭᠳᠠᠢ ᠭᠡᠵᠦ ᠱᠠᠭᠠᠷᠳᠠᠪᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号