ᠰᠢᠭᠤᠶᠢᠳᠤ ᠳᠤᠭᠤᠷᠢᠭ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠡᠬᠦᠷᠭᠡ ᠴᠢᠳᠠᠪᠤᠷᠢ ᠳᠤᠰᠢᠶᠠᠯ ᠬᠠᠷᠢᠭᠤᠴᠠᠯᠭ᠎ᠠ ᠰᠢᠯᠵᠢᠬᠦᠯᠦᠨ ᠳᠤᠰᠢᠶᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-03-18
       3 ᠰᠠᠷ᠎ᠠ ᠶᠢᠨ 11᠎ ᠤ ᠡᠳᠤᠷ᠂ ᠰᠢᠭᠤᠶᠢᠳᠤ ᠳᠤᠭᠤᠷᠢᠭ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠡᠬᠦᠷᠭᠡ ᠴᠢᠳᠠᠪᠤᠷᠢ ᠳᠤᠰᠢᠶᠠᠯ ᠬᠠᠷᠢᠭᠤᠴᠠᠯᠭ᠎ᠠ ᠰᠢᠯᠵᠢᠬᠦᠯᠦᠨ ᠳᠤᠰᠢᠶᠠᠬᠤ ᠬᠤᠷᠠᠯ ᠬᠤᠷᠠᠯᠳᠤᠪᠠ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ᠂ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠵᠤᠬᠢᠴᠠᠭᠤᠯᠬᠤ ᠳᠤᠭᠤᠶᠢᠯᠠᠩ ᠤᠨ ᠳᠠᠷᠤᠭ᠎ᠠ ᠵᠠᠩ ᠬᠠᠢ ᠬᠤᠷᠠᠯ ᠢ ᠡᠷᠬᠢᠯᠡᠪᠡ᠃
             ᠵᠠᠩ ᠬᠠᠢ ᠠᠴᠠ ᠡᠯ᠎ᠠ ᠰᠠᠯᠠᠭ᠎ᠠ ᠮᠦᠴᠢᠷ ᠤᠨ ᠬᠢᠨ ᠤᠯᠤᠰ ᠳᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠪᠡᠶᠡᠯᠡᠬᠦᠯᠵᠦ᠂ ᠰᠢᠯᠵᠢᠬᠦᠯᠦᠨ ᠳᠤᠰᠢᠶᠠᠬᠤ ᠠᠵᠢᠯ ᠢ ᠰᠠᠶᠢᠳᠤᠷ ᠬᠢᠵᠦ᠂ ᠦᠵᠡᠯ ᠰᠠᠨᠠᠭ᠎ᠠ ᠰᠠᠮᠠᠭᠤᠷᠠᠬᠤ ᠦᠭᠡᠢ᠂ ᠠᠵᠢᠯ ᠳᠠᠰᠤᠷᠠᠬᠤ ᠦᠭᠡᠢ ᠪᠠᠶᠢᠬᠤ ᠶᠢ ᠱᠠᠭᠠᠷᠳᠠᠪᠠ᠃ ᠰᠢᠨ᠎ᠡ ᠠᠵᠢᠯᠯᠠᠬᠤ ᠨᠢᠭᠡᠴᠢ ᠪᠠ ᠰᠢᠨ᠎ᠡ ᠠᠵᠢᠯ ᠤᠨ ᠪᠠᠶᠢᠷᠢᠨ ᠳᠤ ᠭᠠᠷᠤᠭᠰᠠᠨ ᠤ ᠳᠠᠷᠠᠭ᠎ᠠ ᠵᠤᠬᠢᠶᠠᠨ ᠪᠠᠶᠢᠭᠤᠯᠤᠯᠳᠠ ᠶᠢᠨ ᠬᠦᠨᠳᠤ ᠨᠠᠶᠢᠳᠠᠯᠭ᠎ᠠ ᠶᠢ ᠦᠯᠦ ᠬᠦᠰᠡᠷᠳᠡᠬᠦᠯᠦᠨ᠂ ᠯᠠᠪᠳᠠᠭᠤᠨ ᠳᠤᠭᠳᠠᠭᠤᠨ ᠰᠢᠷᠭᠠᠭᠤ ᠠᠵᠢᠯᠯᠠᠭᠠᠳ ᠪᠤᠳᠠᠳᠠᠢ ᠶᠢ ᠡᠷᠬᠢᠮᠯᠡᠬᠦ ᠰᠢᠯᠢᠳᠡᠭ ᠰᠤᠷᠳᠠᠯ ᠢ ᠪᠠᠷᠢᠮᠳᠠᠯᠠᠵᠦ᠂ ᠠᠵᠢᠯ ᠤᠨ ᠠᠷᠭ᠎ᠠ ᠬᠡᠯᠪᠡᠷᠢ ᠪᠠᠨ ᠰᠠᠶᠢᠵᠢᠷᠠᠭᠤᠯᠵᠦ᠂ ᠦᠷᠬᠦᠯᠵᠢᠯᠡᠨ ᠡᠷᠡᠯᠭᠡᠭᠯᠡᠨ ᠳᠡᠮᠡᠴᠡᠵᠦ ᠦᠭᠡᠳᠡᠯᠡᠨ ᠳᠠᠪᠰᠢᠵᠦ ᠰᠢᠨ᠎ᠡ ᠰᠢᠯᠢᠳᠡᠭ ᠠᠮᠵᠢᠯᠳᠠ ᠤᠯᠬᠤ ᠶᠢ ᠴᠢᠬᠤᠯᠠᠴᠢᠯᠠᠪᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号