2019 ᠤᠨ ᠤ ᠰᠤᠷᠭᠠᠨ ᠬᠦᠮᠦᠵᠢᠯ ᠤᠨ ᠵᠠᠩᠭᠢᠯᠠᠭ᠎ᠠ ᠶᠢᠨ ᠦᠭᠡ — ᠦᠨᠳᠦᠷ ᠪᠦᠲᠦᠮᠵᠢᠲᠤ ᠬᠢᠴᠢᠶᠡᠯ
ᠨᠡᠶᠢᠲᠡᠯᠡᠭᠰᠡᠨ ᠴᠠᠭ᠄
2019-03-19
       2017 ᠣᠨ ᠤ 9 ᠰᠠᠷ᠎ᠠ ᠶᠢᠨ 8 ᠤ ︽ᠠᠷᠠᠳ ᠤᠨ ᠡᠳᠦᠷ ᠤᠨ ᠰᠣᠨᠢᠨ︾ ᠳᠤ ᠰᠤᠷᠭᠠᠨ ᠬᠦᠮᠦᠵᠢᠯ  ᠤᠨ ᠶᠠᠮᠤᠨ ᠤ ᠳᠠᠷᠤᠭ᠎ᠠ ᠴᠧᠨ ᠪᠤᠤ ᠱᠧᠩ ᠳᠤᠰᠬᠠᠢ ᠦᠭᠦᠯᠡᠯ ᠨᠡᠶᠢᠲᠡᠯᠡᠵᠤ ︽ᠬᠢᠴᠢᠶᠡᠯ ᠤᠨ ᠲᠠᠩᠬᠢᠮ ᠤᠨ ᠬᠤᠪᠢᠰᠬᠠᠯ ᠬᠢᠬᠦ︾  ᠶᠢ ᠤᠷᠢᠶᠠᠯᠠᠭᠰᠠᠨ ᠪᠠᠶᠢᠨ᠎ᠠ᠃                                                       ᠮᠡᠳᠡᠭᠡᠵᠢ ᠪᠠᠷ ᠬᠢᠴᠢᠶᠡᠯ ᠤᠨ ᠲᠠᠩᠬᠢᠮ ᠪᠤᠯ ᠰᠤᠷᠭᠠᠨ ᠬᠦᠮᠦᠵᠢᠯ ᠤᠨ ᠭᠤᠤᠯ ᠳᠠᠶᠢᠨ ᠤ ᠲᠠᠯᠠᠪᠤᠷ ᠮᠦᠨ ᠭᠡᠳᠡᠭ ᠲᠤ ᠶᠠᠭᠠᠬᠢᠯᠲᠠ ᠦᠭᠡᠢ ᠡᠷᠡᠭᠡᠯᠵᠡᠭᠡ ᠲᠦᠷᠦᠮᠡᠷ ᠦᠭᠡᠢ ᠪᠠᠶᠢᠬ᠎ᠠ᠃ ᠤᠴᠢᠷ ᠨᠢ ᠬᠢᠴᠢᠶᠡᠯ ᠤᠨ ᠲᠠᠩᠬᠢᠮ ᠨᠢ ᠨᠢᠭᠡ ᠲᠠᠯ᠎ᠠ ᠪᠠᠷ ᠰᠤᠷᠤᠭᠴᠢ ᠲᠠᠢ ᠬᠤᠯᠪᠤᠭᠳᠠᠵᠤ᠂ ᠨᠦᠭᠦᠭᠡ ᠲᠠᠯ᠎ᠠ ᠪᠠᠷ ᠦᠨᠳᠦᠰᠦᠲᠡᠨ ᠤ ᠢᠷᠡᠭᠡᠳᠦᠢ ᠲᠠᠢ ᠬᠤᠯᠪᠤᠭᠳᠠᠵᠤ ᠪᠠᠶᠢᠳᠠᠭ᠃ ᠰᠤᠷᠭᠠᠨ ᠬᠦᠮᠦᠵᠢᠯ ᠤᠨ ᠦᠭᠡᠷᠡᠴᠢᠯᠡᠯᠲᠡ ᠭᠦᠨᠵᠡᠭᠡᠶᠢᠷᠡᠬᠦ ᠳᠤᠰᠤᠮ ᠢᠶᠠᠨ ᠬᠢᠴᠢᠶᠡᠯ ᠤᠨ ᠲᠠᠩᠬᠢᠮ ᠲᠠᠢ ᠨᠡᠩ ᠨᠢᠭᠲᠠᠷᠠᠯᠴᠠᠳᠠᠭ ᠤᠨ ᠤᠴᠢᠷ ᠬᠢᠴᠢᠶᠡᠯ ᠤᠨ ᠲᠠᠩᠬᠢᠮ ᠬᠤᠪᠢᠷᠠᠬᠤ ᠦᠭᠡᠢ ᠳᠤ ᠬᠦᠷᠪᠡᠯ ᠰᠤᠷᠭᠠᠨ ᠬᠦᠮᠦᠵᠢᠯ ᠬᠤᠪᠢᠷᠠᠵᠤ ᠴᠢᠳᠠᠬᠤ ᠦᠭᠡᠢ᠂ ᠴᠢᠨᠠᠭᠰᠢᠯᠠᠭᠠᠳ ᠰᠤᠷᠭᠠᠨ ᠬᠦᠮᠦᠵᠢᠯ ᠨᠢ ᠬᠤᠪᠢᠷᠠᠵᠤ ᠴᠢᠳᠠᠬᠤ ᠦᠭᠡᠢ ᠳᠤ ᠬᠦᠷᠪᠡᠯ ᠰᠤᠷᠤᠭᠴᠢ ᠬᠤᠪᠢᠷᠠᠵᠤ ᠴᠢᠳᠠᠬᠤ ᠦᠭᠡᠢ ᠶᠤᠮ᠃ ᠲᠡᠶᠢᠮᠤ ᠠᠴᠠ ᠬᠢᠴᠢᠶᠡᠯ ᠤᠨ ᠲᠠᠩᠬᠢᠮ ᠪᠤᠯ ᠰᠤᠷᠭᠠᠨ ᠬᠦᠮᠦᠵᠢᠯ ᠤᠨ ᠬᠦᠭᠵᠢᠯᠲᠡ ᠶᠢᠨ ᠭᠤᠤᠯ ᠴᠢᠮᠦᠭᠡ᠂ ᠴᠢᠳᠠᠪᠤᠷᠢᠲᠠᠨ ᠢ ᠬᠦᠮᠦᠵᠢᠭᠦᠯᠬᠦ ᠭᠤᠤᠯ ᠳᠠᠪᠴᠠᠩ ᠮᠦᠨ᠃ ᠵᠤᠬᠢᠬᠤ ᠬᠠᠷᠠᠭᠠᠰᠤ ᠠᠴᠠ ᠠᠪᠴᠤ ᠬᠡᠯᠡᠬᠦ ᠳᠤ ᠬᠢᠴᠢᠶᠡᠯ ᠤᠨ ᠲᠠᠩᠬᠢᠮ ᠤᠨ ᠵᠠᠭᠪᠤᠷ ᠨᠢ ᠴᠢᠳᠠᠪᠤᠷᠢᠲᠠᠨ ᠢ ᠬᠦᠮᠦᠵᠢᠭᠦᠯᠬᠦ ᠬᠡᠪ ᠵᠠᠭᠪᠤᠷ ᠢ ᠦᠨᠳᠦᠰᠦᠨ ᠳᠤ ᠪᠠᠨ ᠳᠤᠭᠲᠠᠭᠠᠵᠤ ᠪᠠᠶᠢᠳᠠᠭ᠃ ᠤᠳᠤᠬᠠᠨ ᠤ ᠬᠢᠴᠢᠶᠡᠯ ᠤᠨ ᠲᠠᠩᠬᠢᠮ᠂ ᠦᠭᠡᠷ᠎ᠡ ᠪᠠᠷ ᠬᠡᠯᠡᠪᠡᠯ ᠤᠳᠤᠬᠠᠨ ᠤ ᠴᠢᠳᠠᠪᠤᠷᠢᠲᠠᠨ ᠢ ᠬᠦᠮᠦᠵᠢᠭᠦᠯᠬᠦ ᠬᠡᠪ ᠵᠠᠭᠪᠤᠷ ᠨᠢ ᠰᠤᠷᠤᠭᠴᠢ ᠶᠢᠨ ᠨᠠᠰᠤᠨ ᠳᠤᠷᠰᠢᠳᠠ ᠤᠨ ᠬᠦᠭᠵᠢᠯᠲᠡ ᠪᠠ ᠨᠡᠶᠢᠬᠡᠮ ᠤᠨ ᠬᠦᠭᠵᠢᠯᠲᠡ ᠶᠢᠨ ᠬᠡᠷᠡᠭᠴᠡᠭᠡᠨ ᠳᠤ ᠡᠷᠬᠡᠪᠰᠢ ᠪᠦᠷᠢᠯᠳᠦᠭᠦᠯᠬᠦ ᠬᠡᠪ ᠴᠢᠨᠠᠷ ᠪᠤᠯᠤᠨ ᠵᠠᠩᠭᠢᠯᠠᠭ᠎ᠠ ᠶᠢᠨ ᠴᠢᠳᠠᠪᠤᠷᠢ ᠶᠢ ᠬᠦᠮᠦᠵᠢᠭᠦᠯᠬᠦ ᠳᠤ ᠶᠠᠭᠠᠬᠢᠯᠲᠠ ᠦᠭᠡᠢ ᠳᠤᠬᠢᠷᠠᠯᠴᠠᠬᠤ ᠦᠭᠡᠢ ᠪᠠᠶᠢᠭ᠎ᠠ᠃ ᠲᠡᠶᠢᠮᠤ ᠳᠤ ᠪᠠᠨ ᠶᠠᠮᠤᠨ ᠤ ᠳᠠᠷᠤᠭ᠎ᠠ ᠶᠢᠨ ᠳᠤᠷᠠᠳᠤᠭᠰᠠᠨ ︽ᠬᠢᠴᠢᠶᠡᠯ ᠤᠨ ᠲᠠᠩᠬᠢᠮ ᠳᠤ ᠬᠤᠪᠢᠰᠬᠠᠯ ᠬᠢᠬᠦ︾ ᠤᠷᠢᠶᠠᠯᠠᠭ᠎ᠠ ᠶᠠᠭᠠᠬᠢᠬᠤ ᠶᠢᠨ ᠠᠷᠭ᠎ᠠ ᠦᠭᠡᠢ ᠴᠠᠭ ᠲᠤ ᠪᠠᠨ ᠮᠠᠰᠢ ᠳᠤᠬᠢᠷᠠᠵᠠᠢ ᠭᠡᠵᠤ ᠦᠵᠡᠬᠦ ᠳᠤ ᠠᠷᠠᠢ ᠠᠬᠠᠳᠠᠮᠠᠷ ᠦᠭᠡᠢ ᠪᠠᠶᠢᠬ᠎ᠠ᠃        ᠬᠢᠴᠢᠶᠡᠯ ᠤᠨ ᠲᠠᠩᠬᠢᠮ ᠳᠤ ᠬᠤᠪᠢᠰᠬᠠᠯ ᠬᠢᠬᠦ ᠳᠤ ᠪᠠᠨ ᠪᠢᠳᠠ ᠭᠤᠷᠪᠠ ᠪᠠᠷ ᠦᠨᠳᠦᠰᠦᠯᠡᠬᠦ ᠵᠠᠷᠴᠢᠮ ᠢ ᠪᠠᠷᠢᠮᠲᠠᠯᠠᠨ᠎ᠠ᠃ ᠳᠠᠷᠤᠢ ᠬᠦᠮᠦᠨ ᠢᠶᠠᠷ ᠦᠨᠳᠦᠰᠦᠯᠡᠬᠦ᠂ ᠰᠤᠷᠤᠭᠴᠢ ᠪᠠᠷ ᠦᠨᠳᠦᠰᠦᠯᠡᠬᠦ᠂ ᠰᠤᠷᠬᠤ ᠪᠠᠷ ᠦᠨᠳᠦᠰᠦᠯᠡᠬᠦ ᠠᠰᠠᠭᠤᠳᠠᠯ ᠮᠦᠨ᠃ ᠲᠡᠶᠢᠮᠤ ᠠᠴᠠ ᠬᠢᠴᠢᠶᠡᠯ ᠤᠨ ᠲᠠᠩᠬᠢᠮ ᠤᠨ ᠦᠭᠡᠷᠡᠴᠢᠯᠡᠯᠲᠡ ᠳᠤ ᠰᠤᠷᠤᠭᠴᠢ  ᠶᠢᠨ ᠬᠦᠭᠵᠢᠯᠲᠡ ᠪᠠᠷ ᠭᠤᠤᠯᠳᠠᠯᠭ᠎ᠠ ᠪᠤᠯᠭᠠᠵᠤ᠂ ᠬᠡᠪ ᠴᠢᠨᠠᠷ ᠤᠨ ᠰᠤᠷᠭᠠᠨ ᠬᠦᠮᠦᠵᠢᠯ ᠬᠢᠴᠢᠶᠡᠯ ᠤᠨ ᠲᠠᠩᠬᠢᠮ ᠳᠤ ᠪᠤᠢ ᠭᠡᠳᠡᠭ ᠢ ᠵᠢᠭᠠᠬᠤ ᠨᠢ ᠰᠤᠷᠬᠤ ᠳᠤ ᠦᠢᠯᠡᠴᠢᠯᠡᠨ᠎ᠡ ᠭᠡᠳᠡᠭ ᠢ ᠬᠡᠵᠢᠶᠡᠳᠡ ᠪᠠᠨ ᠪᠠᠷᠢᠮᠲᠠᠯᠠᠪᠠᠯ ᠵᠤᠬᠢᠨ᠎ᠠ᠃        ᠬᠢᠴᠢᠶᠡᠯ ᠤᠨ ᠲᠠᠩᠬᠢᠮ ᠤᠨ ᠬᠤᠪᠢᠰᠬᠠᠯ ᠪᠤᠯ ᠨᠢᠭᠡ ᠤᠳᠠᠭᠠᠨ ᠤ ᠤᠶᠤᠨ ᠰᠠᠨᠠᠭᠠᠨ ᠤ ᠤᠶᠢᠯᠠᠭᠠᠭᠳᠠᠬᠤᠨ  ᠤ ᠬᠢᠴᠢᠶᠡᠯ ᠤᠨ ᠲᠠᠩᠬᠢᠮ ᠤᠨ ᠮᠡᠷᠭᠡᠵᠢᠯ ᠤᠨ ᠦᠢᠯᠡ ᠠᠵᠢᠯᠯᠠᠭᠠᠨ ᠤ ᠬᠤᠪᠢᠰᠬᠠᠯ ᠮᠦᠨ᠃        ᠴᠧᠨ ᠪᠤᠤ ᠱᠧᠩ ᠶᠠᠮᠤᠨ ᠤ ᠳᠠᠷᠤᠭ᠎ᠠ ᠡᠨᠡᠬᠦ ᠤᠷᠢᠶᠠᠯᠠᠭ᠎ᠠ ᠪᠠᠨ ᠭᠠᠷᠭᠠᠭᠰᠠᠨ ᠳᠠᠷᠠᠭ᠎ᠠ ᠦᠨᠦ ᠵᠢᠯ ᠤᠨ 1 ᠰᠠᠷ᠎ᠠ ᠶᠢᠨ 18  ᠳᠤ ᠪᠤᠯᠤᠭᠰᠠᠨ ᠪᠦᠬᠦ ᠤᠯᠤᠰ ᠤᠨ ᠰᠤᠷᠭᠠᠨ ᠬᠦᠮᠦᠵᠢᠯ ᠤᠨ ᠠᠵᠢᠯ ᠤᠨ ᠬᠤᠷᠠᠯᠳᠤᠭᠠᠨ ᠳᠡᠭᠡᠷ᠎ᠡ ᠬᠢᠭᠰᠡᠨ ᠮᠡᠳᠡᠭᠦᠯᠦᠯᠲᠡ ᠳᠤ ᠪᠠᠨ ᠬᠢᠴᠢᠶᠡᠯ ᠤᠨ ᠲᠠᠩᠬᠢᠮ ᠤᠨ ᠬᠤᠪᠢᠰᠬᠠᠯ ᠢ ᠪᠤᠳᠠᠲᠠᠢ ᠲᠤᠭᠤᠰᠢᠯᠠᠯ ᠪᠤᠯᠭᠠᠵᠤ ᠦᠨᠳᠦᠷ ᠪᠦᠲᠦᠮᠵᠢᠲᠤ ᠬᠢᠴᠢᠶᠡᠯ ᠤᠨ ᠲᠠᠩᠬᠢᠮ ᠢ ᠪᠤᠢ ᠪᠤᠯᠭᠠᠬᠤ ᠳᠤᠬᠠᠢ ᠲᠤᠳᠤᠷᠬᠠᠢ ᠳᠤᠷᠠᠳᠴᠠᠢ᠃        ᠲᠡᠷᠡ ᠶᠠᠷᠢᠶ᠎ᠠ ᠳᠤ ᠪᠠᠨ᠂᠂᠂᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠰᠤᠷᠭᠠᠨ ᠬᠦᠮᠦᠵᠢᠯ ᠤᠨ ᠶᠠᠰᠤ ᠴᠢᠨᠠᠷ ᠤᠨ ᠰᠢᠨᠵᠢᠯᠡᠬᠦ ᠤᠬᠠᠭᠠᠨᠴᠢ ᠦᠢᠯᠠᠭᠠᠭᠳᠠᠬᠤᠨ ᠢ ᠪᠤᠢ ᠪᠤᠯᠭᠠᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢᠨ ᠰᠢᠨ᠎ᠡ  ᠶᠢ ᠡᠭᠦᠳᠬᠦ ᠠᠵᠢᠯ ᠢ ᠭᠦᠨᠵᠡᠭᠡᠶᠢᠷᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠢᠶᠠᠷ ᠳᠡᠭᠡᠭᠰᠢᠯᠡᠭᠦᠯᠦᠨ᠎ᠡ᠃ ᠦᠨᠦ ᠵᠢᠯ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠰᠠᠨᠠᠯ ᠢ ᠳᠤᠭᠲᠠᠭᠠᠵᠤ᠂ ᠡᠩ ᠤᠨ ᠳᠡᠭᠡᠳᠦ ᠳᠤᠮᠳᠠᠳᠤ ᠶᠢᠨ ᠬᠦᠮᠦᠨ ᠬᠦᠮᠦᠵᠢᠭᠦᠯᠬᠦ ᠠᠷᠭ᠎ᠠ ᠪᠠᠷᠢᠯ ᠤᠨ ᠦᠭᠡᠷᠡᠴᠢᠯᠡᠯᠲᠡ ᠶᠢ ᠳᠦᠯᠬᠢᠨ ᠠᠬᠢᠭᠤᠯᠬᠤ ᠵᠢᠯᠤᠭᠤᠳᠬᠤ ᠰᠠᠨᠠᠯ ᠢ ᠨᠢᠭᠲᠠᠯᠠᠨ ᠬᠡᠷᠡᠭᠵᠢᠭᠦᠯᠵᠤ᠂ ᠬᠢᠴᠢᠶᠡᠯ ᠤᠨ ᠲᠠᠩᠬᠢᠮ ᠤᠨ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠂ ᠦᠨᠳᠦᠷ ᠪᠦᠲᠦᠮᠵᠢᠲᠤ ᠬᠢᠴᠢᠶᠡᠯ ᠤᠨ ᠲᠠᠩᠬᠢᠮ ᠢ ᠪᠤᠢ ᠪᠤᠯᠭᠠᠨ᠎ᠠ ᠭᠡᠵᠤ ᠲᠤᠳᠤᠷᠬᠠᠢ ᠳᠤᠷᠠᠳᠤᠭᠰᠠᠨ ᠪᠠᠶᠢᠨ᠎ᠠ᠃        ᠲᠡᠶᠢᠮᠤ ᠠᠴᠠ ᠳᠤᠮᠳᠠᠳᠤ ᠪᠠᠭ᠎ᠠ ᠰᠤᠷᠭᠠᠭᠤᠯᠢ ᠶᠢᠨ 2019 ᠣᠨ ᠤ ᠵᠠᠩᠭᠢᠯᠠᠭ᠎ᠠ ᠶᠢᠨ ᠦᠭᠡ ᠨᠢ᠄ ᠦᠨᠳᠦᠷ ᠪᠦᠲᠦᠮᠵᠢᠲᠦ ᠬᠢᠴᠢᠶᠡᠯ ᠤᠨ ᠲᠠᠩᠬᠢᠮ ᠪᠠᠶᠢᠬᠤ ᠤᠴᠢᠷᠲᠠᠢ᠃        ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠪᠠᠨ ᠦᠭᠡᠷᠡᠴᠢᠯᠡᠯᠲᠡ ᠬᠢᠵᠤ ᠪᠠᠶᠢᠭ᠎ᠠ ᠪᠤᠶᠤ ᠬᠢᠬᠦ  ᠶᠢ ᠵᠤᠷᠢᠵᠤ ᠪᠠᠶᠢᠭ᠎ᠠ ᠰᠤᠷᠭᠠᠭᠤᠯᠢ ᠤᠳ ᠡᠨᠡᠬᠦ ᠤᠷᠢᠶᠠᠯᠠᠭ᠎ᠠ ᠶᠢ ᠳᠠᠭᠠᠵᠤ᠂ ᠳᠡᠯᠡᠬᠡᠢ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢᠨ ᠶᠡᠷᠦᠩᠬᠢ ᠶᠡᠭᠡ ᠬᠠᠨᠳᠤᠰᠢ ᠲᠠᠢ ᠠᠶᠠᠨ ᠤ ᠵᠠᠮ ᠨᠡᠶᠢᠯᠡᠭᠦᠯᠦᠨ᠂ ᠬᠢᠴᠢᠶᠡᠯ ᠤᠨ ᠲᠠᠩᠬᠢᠮ ᠳᠤ  ᠪᠠᠨ ᠵᠤᠷᠢᠭᠲᠠᠢ ᠦᠭᠡᠷᠡᠴᠢᠯᠡᠯᠲᠡ ᠬᠢᠬᠦ ᠴᠠᠭ ᠪᠤᠯᠤᠯ᠎ᠠ ᠭᠡᠳᠡᠭ ᠢ ᠭᠢᠷᠬᠠᠢ ᠨᠢᠳᠦ ᠪᠠᠷ ᠲᠠᠨᠢᠵᠤ ᠬᠢᠬᠦ ᠴᠠᠭ ᠢᠷᠡᠵᠡᠢ᠃        ᠲᠡᠶᠢᠮᠤ ᠳᠤ ᠪᠠᠨ ᠶᠠᠮᠠᠷ ᠶᠠᠩᠵᠤ ᠶᠢᠨ ᠵᠠᠬᠢᠷᠤᠯ ᠪᠠᠶᠢᠪᠠᠯ ᠲᠡᠶᠢᠮᠤ ᠶᠠᠩᠵᠤ ᠶᠢᠨ ᠰᠤᠷᠭᠠᠭᠤᠯᠢ ᠪᠤᠢ᠃ ᠶᠠᠮᠠᠷ ᠶᠠᠩᠵᠤ ᠶᠢᠨ ᠪᠠᠭᠰᠢ ᠪᠠᠶᠢᠪᠠᠯ ᠲᠡᠶᠢᠮᠤ ᠶᠠᠩᠵᠤ ᠶᠢᠨ ᠬᠢᠴᠢᠶᠡᠯ ᠤᠨ ᠲᠠᠩᠬᠢᠮ ᠪᠤᠢ᠂ ᠶᠠᠮᠠᠷ ᠶᠠᠩᠵᠤ ᠶᠢᠨ ᠬᠢᠴᠢᠶᠡᠯ ᠤᠨ ᠲᠠᠩᠬᠢᠮ ᠪᠠᠶᠢᠪᠠᠯ ᠲᠡᠶᠢᠮᠦ ᠶᠠᠩᠵᠤ ᠶᠢᠨ ᠰᠤᠷᠭᠠᠨ ᠬᠦᠮᠦᠵᠢᠯ ᠪᠤᠢ᠂ ᠶᠠᠮᠠᠷ ᠶᠠᠩᠵᠤ ᠶᠢᠨ ᠰᠤᠷᠭᠠᠨ ᠬᠦᠮᠦᠵᠢᠯ ᠪᠠᠶᠢᠪᠠᠯ ᠲᠡᠶᠢᠮᠤ ᠶᠠᠩᠵᠤ ᠶᠢᠨ ᠤᠯᠤᠰ ᠤᠷᠤᠨ ᠪᠤᠢ᠂ ᠶᠠᠮᠠᠷ ᠶᠠᠩᠵᠤ ᠶᠢᠨ ᠤᠯᠤᠰ ᠤᠷᠤᠨ ᠪᠠᠶᠢᠪᠠᠯ ᠲᠡᠶᠢᠮᠦ ᠶᠠᠩᠵᠤ ᠶᠢᠨ ᠠᠷᠠᠳ ᠢᠷᠭᠡᠳ ᠪᠤᠢ ᠭᠡᠳᠡᠭ ᠢ ᠤᠬᠠᠮᠰᠠᠷᠯᠠᠭᠠᠷᠠᠢ︕
 
ᠢᠷᠡᠯᠲᠡ᠄ ᠬᠤᠯᠪᠤᠭ᠎ᠠ ᠪᠦᠷᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号