ᠨᠠᠮ ᠤᠨ ᠳᠦᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶ᠎ᠠ ︽ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢᠨ 2035︾ ᠶᠢ ᠳᠠᠷᠤᠮᠯᠠᠨ ᠳᠠᠷᠬᠠᠭᠠᠪᠠ
ᠨᠡᠶᠢᠲᠡᠯᠡᠭᠰᠡᠨ ᠴᠠᠭ᠄
2019-03-25
       ᠤᠶᠢᠷ᠎ᠠ ᠶᠢᠨ ᠡᠳᠤᠷ᠂ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ︽ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢᠨ 2035︾ ᠶᠢ ᠳᠠᠷᠤᠮᠯᠠᠨ ᠳᠠᠷᠬᠠᠭᠠᠭᠰᠠᠨ ᠪᠦᠭᠡᠳ ᠮᠡᠳᠡᠭᠳᠡᠯ ᠪᠠᠭᠤᠯᠭᠠᠵᠦ᠂ ᠡᠯ᠎ᠠ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠢ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ ᠪᠠᠶᠢᠭᠠᠳ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠠᠢ ᠭᠡᠵᠦ ᠱᠠᠭᠠᠷᠳᠠᠪᠠ      ︽ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢᠨ 2035︾ ᠶᠢ ᠳᠠᠪᠤᠨ ᠪᠦᠯᠦᠭ ᠬᠤᠪᠢᠶᠠᠨ᠎ᠠ᠄ ᠨᠢᠭᠡ᠂ ᠪᠠᠶᠢᠯᠳᠤᠬᠤ ᠪᠤᠳᠤᠯᠭ᠎ᠠ ᠶᠢᠨ ᠠᠬᠤᠢ ᠪᠠᠶᠢᠳᠠᠯ ᠪᠤᠯᠤᠨ᠎ᠠ᠃ ᠬᠤᠶᠠᠷ᠂ ᠶᠡᠷᠦᠩᠭᠡᠢ ᠰᠡᠳᠬᠢᠴᠡ ᠪᠤᠯᠤᠨ᠎ᠠ᠃ ᠭᠤᠷᠪᠠ᠂ ᠪᠠᠶᠢᠯᠳᠤᠬᠤ ᠪᠤᠳᠤᠯᠭ᠎ᠠ ᠶᠢᠨ ᠡᠬᠦᠷᠭᠡ ᠪᠤᠯᠤᠨ᠎ᠠ᠃ ᠳᠦᠷᠪᠡ᠂ ᠬᠡᠷᠡᠭᠵᠢᠬᠦᠯᠬᠦ ᠠᠷᠭ᠎ᠠ ᠵᠠᠮ ᠪᠤᠯᠤᠨ᠎ᠠ᠃ ᠳᠠᠪᠤ᠂ ᠪᠠᠳᠤᠯᠠᠭ᠎ᠠ ᠶᠢᠨ ᠠᠷᠭ᠎ᠠ ᠬᠡᠮᠵᠢᠶ᠎ᠡ ᠪᠤᠯᠤᠨ᠎ᠠ᠃      ︽ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢᠨ 2035︾ ᠳᠤ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠠᠬᠢᠭᠤᠯᠬᠤ ᠨᠠᠢᠮᠠᠨ ᠶᠡᠭᠡ ᠦᠨᠳᠤᠰᠤᠨ ᠤᠶᠢᠯᠠᠭᠠᠭᠳᠠᠬᠤᠨ ᠢ ᠳᠤᠷᠠᠳᠪᠠ᠄ ᠶᠤᠰᠤ ᠰᠤᠷᠳᠠᠬᠤᠨ ᠢ ᠳᠡᠷᠢᠬᠦᠨ ᠳᠤ ᠳᠠᠯᠪᠢᠬᠤ ᠶᠢ ᠤᠯᠠᠮ ᠴᠢᠬᠤᠯᠠᠴᠢᠯᠠᠵᠦ᠂ ᠪᠦᠬᠦ ᠳᠠᠯ᠎ᠠ ᠪᠠᠷ ᠬᠦᠭᠵᠢᠬᠦ ᠶᠢ ᠤᠯᠠᠮ ᠴᠢᠬᠤᠯᠠᠴᠢᠯᠠᠵᠦ᠂ ᠬᠦᠮᠦᠨ ᠪᠤᠯᠭᠠᠨ ᠳᠤ ᠬᠠᠨᠳᠤᠭᠤᠯᠬᠤ ᠶᠢ ᠤᠯᠠᠮ ᠴᠢᠬᠤᠯᠠᠴᠢᠯᠠᠵᠦ᠂ ᠨᠠᠰᠤᠨ ᠳᠤᠷᠰᠢᠳᠠ ᠰᠤᠷᠤᠯᠴᠠᠬᠤ ᠶᠢ ᠤᠯᠠᠮ ᠴᠢᠬᠤᠯᠠᠴᠢᠯᠠᠵᠦ᠂ ᠠᠪᠢᠶᠠᠰ ᠲᠤ ᠨᠢ ᠳᠤᠬᠢᠷᠠᠭᠤᠯᠤᠨ ᠵᠢᠭᠠᠬᠤ ᠶᠢ ᠤᠯᠠᠮ ᠴᠢᠬᠤᠯᠠᠴᠢᠯᠠᠵᠦ᠂ ᠮᠡᠳᠡᠬᠦᠢ ᠬᠢᠬᠦᠢ ᠶᠢ ᠨᠢᠭᠡᠳᠭᠡᠬᠦ ᠶᠢ ᠤᠯᠠᠮ ᠴᠢᠬᠤᠯᠠᠴᠢᠯᠠᠵᠦ᠂ ᠠᠭᠤᠰᠤᠯᠴᠠᠨ ᠬᠦᠭᠵᠢᠬᠦ ᠶᠢ ᠤᠯᠠᠮ ᠴᠢᠬᠤᠯᠠᠴᠢᠯᠠᠵᠦ ᠂ ᠬᠠᠮᠳᠤ ᠪᠠᠷ ᠪᠠᠶᠢᠭᠤᠯᠵᠦ ᠬᠠᠮᠳᠤ ᠪᠠᠷ ᠡᠳ᠋ᠯᠡᠬᠦ ᠶᠢ ᠤᠯᠠᠮ ᠴᠢᠬᠤᠯᠠᠴᠢᠯᠠᠨ᠎ᠠ᠃       ︽ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢᠨ 2035︾ ᠨᠢ ᠰᠤᠷᠭᠠᠨ ᠬᠦᠮᠦᠵᠢᠯ ᠤᠨ ᠬᠦᠭᠵᠢᠯᠳᠡ ᠶᠢᠨ ᠳᠤᠪᠤᠶᠢᠮ᠎ᠠ ᠠᠰᠠᠭᠤᠳᠠᠯ ᠪᠤᠯᠤᠨ ᠪᠠᠭᠤᠷᠠᠢ ᠭᠤᠭᠴᠤᠭ᠎ᠠ ᠳᠤ ᠴᠢᠭᠯᠡᠬᠦᠯᠦᠨ᠂ ᠤᠳᠤᠬᠠᠨ ᠳᠤ ᠰᠠᠭᠤᠷᠢᠯᠠᠵᠦ᠂ ᠠᠯᠤᠰ ᠬᠡᠳᠤ ᠶᠢ ᠪᠤᠳᠤᠯᠬᠢᠯᠠᠵᠦ᠂ ᠰᠤᠷᠭᠠᠨ ᠬᠦᠮᠦᠵᠢᠯ ᠢ ᠤᠳᠤᠬᠢᠴᠢᠯᠠᠯᠳᠠ ᠳᠤ ᠬᠠᠨᠳᠤᠭᠤᠯᠤᠭᠰᠠᠨ ᠠᠷᠪᠡᠨ ᠶᠡᠭᠡ ᠪᠠᠶᠢᠯᠳᠤᠬᠤ ᠪᠤᠳᠤᠯᠭ᠎ᠠ ᠶᠢᠨ ᠡᠬᠦᠷᠭᠡ ᠶᠢ ᠭᠤᠤᠯᠳᠠᠯᠭ᠎ᠠ ᠲᠠᠢ ᠪᠠᠷ ᠪᠠᠶᠢᠷᠢᠯᠠᠭᠤᠯᠪᠠ        ᠨᠢᠭᠡ ᠳᠤ᠂ ᠰᠢ ᠶᠢᠨ ᠫᠢᠩ ᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ᠎ᠠ᠃        ᠬᠤᠶᠠᠷ ᠲᠤ᠂ ᠳᠤᠮᠳᠠᠳᠤ ᠤᠯᠤᠰ ᠤᠨ ᠤᠨᠴᠠᠯᠢᠭ ᠲᠠᠢ ᠳᠡᠯᠡᠬᠡᠢ ᠶᠢᠨ ᠳᠡᠷᠢᠬᠦᠨ ᠤ ᠳᠦᠪᠰᠢᠨ ᠲᠠᠢ ᠰᠢᠯᠢᠳᠡᠭ ᠰᠤᠷᠭᠠᠨ ᠬᠦᠮᠦᠵᠢᠯ ᠢ ᠬᠦᠭᠵᠢᠬᠦᠯᠦᠨ᠎ᠡ᠃        ᠭᠤᠷᠪᠠ ᠳᠤ᠂ ᠡᠯ᠎ᠡ ᠱᠠᠳᠤᠨ ᠤ ᠰᠤᠷᠭᠠᠨ ᠬᠦᠮᠦᠵᠢᠯ ᠢ ᠦᠨᠳᠤᠷ ᠳᠦᠪᠰᠢᠨ ᠴᠢᠨᠠᠷ ᠰᠠᠶᠢᠳᠠᠢ ᠳᠦᠭᠡᠮᠡᠯᠵᠢᠬᠦᠯᠬᠦ ᠶᠢ ᠠᠬᠢᠭᠤᠯᠤᠨ᠎ᠠ᠃        ᠳᠦᠷᠪᠡ ᠳᠤ᠂ ᠦᠨᠳᠤᠰᠦᠳᠡᠨ ᠤᠯᠠᠨ ᠨᠠᠶᠢᠳᠠ ᠶᠢᠨ ᠰᠤᠷᠭᠠᠨ ᠬᠦᠮᠦᠵᠢᠯ ᠤᠨ ᠤᠶᠢᠯᠡᠴᠢᠯᠡᠭᠡᠨ ᠤ ᠳᠡᠩᠴᠡᠬᠦᠷᠢᠰᠢᠯᠳᠠ ᠶᠢ ᠪᠡᠶᠡᠯᠡᠬᠦᠯᠦᠨ᠎ᠡ᠃        ᠳᠠᠪᠤ ᠳᠤ᠂ ᠪᠦᠬᠦ ᠠᠷᠠᠳ ᠲᠤ ᠤᠶᠢᠯᠡᠴᠢᠯᠡᠬᠦ ᠨᠠᠰᠤᠨ ᠳᠤᠷᠰᠢᠳᠠ ᠶᠢᠨ ᠰᠤᠷᠤᠯᠴᠠᠯᠭ᠎ᠠ ᠶᠢ ᠰᠢᠰᠲ᠋ᠧᠮ ᠢ ᠪᠠᠶᠢᠭᠤᠯᠤᠨ᠎ᠠ᠃        ᠵᠢᠷᠭᠤᠭ᠎ᠠ ᠳᠤ᠂ ᠳᠡᠷᠢᠬᠦᠨ ᠵᠡᠷᠭᠡ ᠶᠢᠨ ᠴᠢᠳᠠᠪᠤᠷᠢᠳᠡᠨ ᠢ ᠬᠦᠮᠦᠵᠢᠬᠦᠯᠬᠦ ᠪᠤᠯᠤᠨ ᠰᠢᠨ᠎ᠡ ᠶᠢ ᠡᠬᠦᠳᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃        ᠳᠤᠯᠤᠭ᠎ᠠ ᠳᠤ᠂ ᠦᠨᠳᠤᠷ ᠬᠡᠪ ᠪᠤᠯᠪᠠᠰᠤᠷᠠᠯ ᠲᠠᠢ ᠳᠤᠰᠬᠠᠶᠢᠵᠢᠭᠰᠠᠨ ᠰᠢᠨ᠎ᠡ ᠶᠢ ᠡᠬᠦᠳᠬᠦ ᠮᠠᠶ᠋ᠢᠭ ᠤᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃        ᠨᠠᠢᠮᠠ ᠳᠤ᠂ ᠮᠡᠳᠡᠭᠡ ᠵᠠᠩᠭᠢᠴᠢᠯᠠᠭᠰᠠᠨ ᠴᠠᠭ ᠦᠶ᠎ᠡ ᠶᠢᠨ ᠰᠤᠷᠭᠠᠨ ᠬᠦᠮᠦᠵᠢᠯ ᠤᠨ ᠬᠤᠪᠢᠰᠤᠯᠳᠠ ᠶᠢ ᠳᠦᠷᠭᠡᠳᠭᠡᠨ᠎ᠡ᠃        ᠶᠢᠰᠦ ᠳᠤ᠂ ᠰᠤᠷᠭᠠᠨ ᠬᠦᠮᠦᠵᠢᠯ ᠢ ᠭᠠᠳᠠᠭᠰᠢ ᠨᠡᠭᠡᠭᠡᠬᠦ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃        ᠠᠷᠪᠠ ᠳᠤ᠂ ᠰᠤᠷᠭᠠᠨ ᠬᠦᠮᠦᠵᠢᠯ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠤᠨ᠎ᠠ᠃      
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号