ᠯᠢ ᠰᠢᠦ ᠹᠠᠩ ᠡᠷᠦᠭᠡ ᠳᠤ ᠤᠷᠤᠵᠦ ᠠᠰᠠᠭᠤᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2019-03-26
       3 ᠰᠠᠷ᠎ᠠ ᠶᠢᠨ 22᠎ ᠤᠨ ᠡᠳᠤᠷ᠂ ᠵᠠᠰᠠᠭ ᠤᠨ ᠤᠷᠳᠤᠨ ᠤ ᠳᠡᠳ᠋ ᠳᠠᠷᠤᠭ᠎ᠠ ᠯᠢ ᠰᠢᠦ ᠹᠠᠩ ᠳ᠋ᠠ ᠹᠠ ᠵᠡᠭᠡᠯᠢ ᠭᠤᠳᠤᠮᠵᠢ ᠪᠠ ᠵᠠᠬᠢᠳᠠᠯ ᠰᠤᠷᠪᠤᠯᠵᠢᠯᠠᠭ᠎ᠠ ᠶᠢᠨ ᠳᠤᠪᠴᠢᠶᠡᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠲᠠᠢ ᠬᠠᠮᠳᠤ ᠡᠷᠦᠭᠡ ᠳᠤ ᠤᠷᠤᠵᠦ ᠠᠰᠠᠭᠤᠨ ᠰᠤᠷᠪᠤᠯᠵᠢᠯᠡᠪᠡ᠃
       ᠯᠢ ᠰᠢᠦ ᠹᠠᠩ ᠠᠴᠠ ᠳᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠳᠤᠪᠴᠢᠶ᠎ᠡ ᠪᠠ ᠳ᠋ᠠ ᠹᠠ ᠵᠡᠭᠡᠯᠢ ᠭᠤᠳᠤᠮᠵᠢ ᠶᠢᠨ ᠬᠤᠯᠪᠤᠭᠳᠠᠯ ᠪᠦᠬᠦᠢ ᠬᠠᠷᠢᠭᠤᠴᠠᠯᠭᠠᠳᠡᠨ ᠢ ᠶᠡᠷᠦᠩᠭᠡᠢ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠬᠠᠢ ︽ᠭᠤᠷᠪᠠ ᠶᠢ ᠨᠠᠶᠢᠳᠠᠪᠤᠷᠢᠵᠢᠭᠤᠯᠵᠦ ᠨᠢᠭᠡ ᠰᠢᠢᠳᠪᠤᠷᠢᠯᠡᠬᠦ︾ ᠱᠠᠭᠠᠷᠳᠠᠯᠭ᠎ᠠ ᠶᠢ ᠴᠢᠩᠭ᠎ᠠ ᠪᠠᠷᠢᠮᠳᠡᠯᠡᠵᠦ᠂ ᠵᠦᠢ ᠶᠤᠰᠤᠨ ᠤ ᠭᠤᠮᠤᠳᠠᠯ ᠳᠤᠭᠠᠴᠢᠯᠳᠠ ᠶᠢᠨ ᠠᠰᠠᠭᠤᠳᠠᠯ ᠢ ᠰᠢᠢᠳᠪᠤᠷᠢᠯᠡᠵᠦ᠂ ᠵᠦᠢ ᠶᠤᠰᠤᠨ ᠤ ᠪᠤᠰᠤ ᠭᠤᠮᠤᠳᠠᠯ ᠳᠤᠭᠠᠴᠢᠯᠳᠠ ᠳᠤ ᠦᠵᠡᠯ ᠰᠠᠨᠠᠭᠠᠨ ᠤ ᠬᠦᠮᠦᠵᠢᠯ ᠬᠦᠷᠳᠡᠭᠡᠵᠦ᠂ ᠠᠮᠢᠳᠤᠷᠠᠯ ᠨᠢ ᠬᠦᠴᠢᠷᠳᠡᠯᠳᠡᠢ ᠠᠷᠠᠳ ᠢ ᠬᠠᠪᠰᠤᠷᠤᠨ ᠳᠡᠳᠬᠦᠵᠦ ᠤᠶᠢᠯᠡ ᠠᠵᠢᠯᠯᠠᠭ᠎ᠠ ᠨᠢ ᠬᠠᠤᠯᠢ ᠠᠴᠠ ᠵᠦᠷᠢᠴᠡᠭᠰᠡᠨ ᠳᠤ ᠬᠠᠤᠯᠢ  ᠶᠤᠰᠤᠭᠠᠷ  ᠰᠢᠢᠳᠭᠡᠨ᠎ᠡ᠃ ᠤᠨᠴᠠᠭᠠᠢ ᠭᠡᠷ ᠪᠦᠯᠢ ᠶᠢᠨ ᠤᠨᠴᠠᠭᠠᠢ ᠪᠠᠶᠢᠳᠠᠯ ᠳᠤ ᠴᠢᠭᠯᠡᠬᠦᠯᠦᠨ ᠬᠠᠪᠰᠤᠷᠤᠨ ᠳᠡᠳᠬᠦᠵᠦ ᠬᠠᠶᠢᠷ᠎ᠠ ᠬᠠᠯᠠᠮᠵᠢᠯᠠᠯ ᠬᠦᠷᠳᠡᠭᠡᠵᠦ᠂ ᠬᠠᠯᠠᠭᠤᠨ ᠨᠡᠪᠳᠡᠷᠡᠯᠴᠡᠭᠡ ᠪᠠ ᠢᠳᠡᠪᠬᠢᠳᠤ ᠤᠶᠢᠯᠡᠴᠢᠯᠡᠭᠡ ᠪᠠᠷ ᠳᠠᠮᠵᠢᠭᠤᠯᠤᠨ ᠨᠠᠮ ᠪᠤᠯᠤᠨ ᠠᠷᠠᠳ ᠳᠦᠮᠡᠨ ᠤ ᠬᠤᠭᠤᠷᠤᠨᠳᠤᠬᠢ ︽ᠰᠡᠳᠬᠢᠯ ᠢ ᠬᠤᠯᠪᠤᠭᠰᠠᠨ ᠬᠦᠬᠦᠷᠭᠡ︾᠎ ᠶᠢ ᠪᠠᠶᠢᠭᠤᠯᠵᠦ᠂ ᠨᠠᠮ ᠪᠠ ᠤᠯᠠᠨ ᠳᠦᠮᠡᠨ ᠤ ᠨᠦᠬᠦᠷᠰᠡᠭ ᠬᠠᠷᠢᠴᠠᠭ᠎ᠠ ᠶᠢ ᠪᠠᠶᠢᠭᠤᠯᠬᠤ ᠬᠡᠷᠡᠭᠳᠡᠢ ᠭᠡᠪᠡ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号