ᠪᠤᠭᠤᠳᠤ ᠬᠤᠳᠠ ᠶᠢᠨ ᠤᠶᠤᠨᠯᠢᠭ ᠤᠶᠢᠯᠡᠳᠬᠦ ᠴᠢᠳᠠᠪᠤᠷᠢ ᠶᠢ ᠦᠨᠡᠯᠡᠨ ᠵᠢᠱᠢᠬᠦ ᠭᠡᠷ᠎ᠡ ᠳᠤᠭᠳᠠᠬᠤ ᠶᠤᠰᠤᠯᠠᠯ ᠰᠢᠭᠤᠶᠢᠳᠤ ᠳᠤᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2019-03-28
               3 ᠰᠠᠷ᠎ᠠ ᠶᠢᠨ 21᠎ ᠤ ᠡᠳᠤᠷ᠂ ᠪᠤᠭᠤᠳᠤ ᠬᠤᠳᠠ ᠶᠢᠨ ᠠᠵᠦ ᠤᠶᠢᠯᠡᠳᠪᠤᠷᠢ ᠪᠠ ᠮᠡᠳᠡᠭᠡ ᠵᠠᠩᠭᠢᠵᠢᠯᠳᠠ ᠶᠢᠨ ᠳᠤᠪᠴᠢᠶ᠎ᠡ᠂ ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠳᠤᠮᠳᠠᠳᠤ ᠤᠯᠤᠰ ᠤᠨ ᠡᠯᠧᠺᠲᠷᠣᠨ ᠮᠡᠷᠭᠡᠵᠢᠯ ᠤᠨ ᠪᠠᠷᠢᠮᠵᠢᠶᠡᠵᠢᠭᠤᠯᠤᠯᠳᠠ ᠶᠢᠨ ᠰᠤᠳᠤᠯᠬᠤ ᠬᠦᠷᠢᠶᠡᠯᠡᠩ ᠰᠢᠭᠤᠶᠢᠳᠤ ᠳᠤᠭᠤᠷᠢᠭ ᠲᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠦᠪᠠ᠃        ᠳᠤᠮᠳᠠᠳᠤ ᠤᠯᠤᠰ ᠤᠨ ᠡᠯᠧᠺᠲᠷᠣᠨ ᠮᠡᠷᠭᠡᠵᠢᠯ ᠤᠨ ᠪᠠᠷᠢᠮᠵᠢᠶᠡᠵᠢᠭᠤᠯᠤᠯᠳᠠ ᠶᠢᠨ ᠰᠤᠳᠤᠯᠬᠤ ᠬᠦᠷᠢᠶᠡᠯᠡᠩ ᠤᠨ ᠳᠡᠳ᠋ ᠳᠠᠷᠤᠭ᠎ᠠ ᠰᠦᠨ ᠸᠧᠨ ᠯᠦᠩ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠦ ᠤᠶᠢᠯᠡᠳᠪᠤᠷᠢ ᠪᠠ ᠮᠡᠳᠡᠭᠡ ᠵᠠᠩᠭᠢᠵᠢᠯᠳᠡ ᠶᠢᠨ ᠳᠢᠩᠭᠢᠮ ᠮᠡᠳᠡᠭᠡ ᠵᠠᠩᠭᠢᠵᠢᠯᠳᠠ ᠪᠤᠯᠤᠨ ᠰᠤᠹᠲ ᠤᠨ ᠤᠶᠢᠯᠡᠴᠢᠯᠡᠭᠡᠨ ᠤ ᠤᠶᠢᠯᠡᠰ ᠤᠨ ᠳᠠᠷᠤᠭ᠎ᠠ ᠭᠧ ᠱᠧᠩ ᠮᠢᠨ᠂ ᠪᠤᠭᠤᠳᠤ ᠬᠤᠳᠠ ᠶᠢᠨ ᠠᠵᠦ ᠤᠶᠢᠯᠡᠳᠪᠤᠷᠢ ᠪᠤᠯᠤᠨ ᠮᠡᠳᠡᠭᠡ ᠵᠠᠩᠭᠢᠵᠢᠯᠳᠠ ᠶᠢᠨ ᠳᠤᠪᠴᠢᠶᠡᠨ ᠤ ᠳᠠᠷᠤᠭ᠎ᠠ ᠺᠠᠩ ᠱᠢ ᠼᠦᠨ᠂ ᠳᠡᠳ᠋ ᠳᠠᠷᠤᠭ᠎ᠠ ᠸᠠᠩ ᠵᠢᠶᠦ᠋ᠨ ᠹᠧᠩ᠂ ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠯᠢ ᠰᠢᠨ ᠴᠦᠨ᠂ ᠳᠡᠳ᠋ ᠳᠠᠷᠤᠭ᠎ᠠ ᠯᠢ ᠰᠢᠦ ᠹᠠᠩ᠂ ᠰᠢᠭᠤᠶᠢᠳᠤ ᠳᠤᠭᠤᠷᠢᠭ᠂ ᠬᠦᠨᠳᠡᠯᠡᠨ ᠳᠤᠭᠤᠷᠢᠭ᠂ ᠴᠢᠩᠱᠠᠨ ᠳᠤᠭᠤᠷᠢᠭ᠂ ᠳ᠋ᠦᠩ ᠡᠾᠧ ᠳᠤᠭᠤᠷᠢᠭ ᠂ ᠳᠡᠭᠡᠳᠤ ᠰᠢᠨ᠎ᠡ ᠮᠡᠷᠭᠡᠵᠢᠯ ᠤᠨ ᠳᠤᠭᠤᠷᠢᠭ ᠤᠨ ᠬᠤᠯᠪᠤᠭᠳᠡᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠤᠯᠤᠨ ᠪᠤᠭᠤᠳᠤ ᠬᠤᠳᠠ ᠶᠢᠨ ᠠᠵᠦ ᠤᠶᠢᠯᠡᠳᠪᠤᠷᠢ ᠤᠶᠢᠯᠡᠳᠬᠦ ᠠᠵᠦ ᠠᠬᠤᠶᠢᠯᠠᠯ ᠤᠨ ᠳᠦᠯᠦᠭᠡᠯᠡᠭᠴᠢ ᠭᠡᠷ᠎ᠡ ᠳᠤᠭᠳᠠᠬᠤ ᠶᠤᠰᠤᠯᠠᠯ ᠳᠤ ᠤᠷᠤᠯᠴᠠᠪᠠ᠃ ᠪᠤᠭᠤᠳᠤ ᠬᠤᠳᠠ ᠶᠢᠨ ᠠᠵᠦ ᠤᠶᠢᠯᠡᠳᠪᠤᠷᠢ ᠪᠤᠯᠤᠨ ᠮᠡᠳᠡᠭᠡ ᠵᠠᠩᠭᠢᠵᠢᠯᠳᠠ ᠶᠢᠨ ᠳᠤᠪᠴᠢᠶᠡᠨ ᠤ ᠳᠡᠳ᠋ ᠳᠠᠷᠤᠭ᠎ᠠ ᠸᠠᠩ ᠵᠢᠶᠦ᠋ᠨ ᠹᠡᠩ ᠶᠤᠰᠤᠯᠠᠯ ᠢ ᠡᠷᠬᠢᠯᠡᠪᠡ᠃         ᠶᠤᠰᠤᠯᠠᠯ ᠡᠬᠢᠯᠡᠬᠦ ᠠᠴᠠ ᠡᠮᠤᠨ᠎ᠡ᠂ ᠬᠤᠯᠪᠤᠭᠳᠡᠯ ᠪᠦᠬᠦᠢ ᠰᠠᠯᠠᠭ᠎ᠠ ᠮᠦᠴᠢᠷ ᠪᠠ ᠭᠤᠤᠯᠳᠠᠯᠭ᠎ᠠ ᠲᠠᠢ ᠠᠵᠦ ᠠᠬᠤᠶᠢᠯᠠᠯ ᠤᠨ ᠬᠠᠷᠢᠭᠤᠴᠠᠯᠭᠠᠳᠡᠨ ᠬᠢᠭᠡᠳ ᠳᠤᠮᠳᠠᠳᠤ ᠤᠯᠤᠰ ᠤᠨ ᠡᠯᠧᠺᠲᠷᠣᠨ ᠮᠡᠷᠭᠡᠵᠢᠯ ᠤᠨ ᠪᠠᠷᠢᠮᠵᠢᠶᠠᠵᠢᠭᠤᠯᠤᠭᠰᠠᠨ ᠰᠤᠳᠤᠯᠭᠠᠨ ᠤ ᠬᠦᠷᠢᠶᠡᠯᠡᠩ ᠤᠨ ᠪᠤᠭᠤᠳᠤ ᠬᠤᠳᠠ ᠶᠢᠨ ᠤᠶᠤᠨᠯᠢᠭ ᠤᠶᠢᠯᠡᠳᠬᠦ ᠤᠶᠢᠯᠡᠰ ᠤᠨ ᠬᠦᠭᠵᠢᠯᠳᠡ ᠶᠢ ᠬᠡᠷᠬᠢᠨ ᠠᠬᠢᠭᠤᠯᠬᠤ ᠳᠤᠬᠠᠢ ᠶᠠᠷᠢᠯᠴᠠᠪᠠ᠃
         
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号