ᠰᠢᠭᠤᠶᠢᠳᠤ ᠳᠤᠭᠤᠷᠢᠭ ︽ᠳᠠᠭᠠᠳᠬᠠᠯ ᠮᠡᠭᠡᠯᠡᠬᠦ ᠳᠤ ᠴᠤᠬᠢᠯᠳᠠ ᠦᠭᠴᠦ ᠰᠠᠭᠤᠷᠢ ᠮᠦᠩᠬᠦᠨ ᠤ ᠠᠮᠤᠷ ᠳᠦᠪᠰᠢᠨ ᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2019-04-11
      ᠡᠮ ᠡᠮᠨᠡᠯᠭᠡ ᠶᠢᠨ ᠪᠠᠳᠤᠯᠠᠭ᠎ᠠ ᠪᠤᠯ ᠠᠷᠠᠳ ᠤᠨ ᠠᠮᠢᠳᠤᠷᠠᠯ ᠤᠨ ᠢᠨᠵᠧᠨᠧᠷᠢᠩ ᠢᠨᠵᠧᠨᠧᠷᠢᠩ ᠮᠦᠨ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦ ᠪᠤᠯ ᠠᠷᠠᠳ ᠤᠯᠠᠨ ᠤ ︽ᠡᠪᠡᠳᠴᠢᠨ ᠢ ᠵᠠᠰᠠᠵᠦ ᠠᠮᠢ ᠠᠪᠤᠷᠠᠬᠤ ᠵᠤᠭᠤᠰ︾ ᠪᠤᠯᠤᠨ᠎ᠠ᠃ 4 ᠰᠠᠷ᠎ᠠ ᠶᠢᠨ 4 ᠤ ᠡᠳᠤᠷ᠂ ᠰᠢᠭᠤᠶᠢᠳᠤ ᠳᠤᠭᠤᠷᠢᠭ ︽ᠳᠠᠭᠠᠳᠬᠠᠯ ᠮᠡᠭᠡᠯᠡᠬᠦ ᠳᠤ ᠴᠤᠬᠢᠯᠳᠠ ᠦᠭᠴᠦ ᠰᠠᠭᠤᠷᠢ ᠮᠦᠩᠬᠦᠨ ᠤ ᠠᠮᠤᠷ ᠳᠦᠪᠰᠢᠨ ᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠬᠤᠳᠠ ᠶᠢᠨ ᠬᠠᠷᠠᠴᠤᠤᠯ ᠤᠨ ᠳᠠᠯᠠᠪᠠᠢ ᠳᠤ ᠶᠠᠪᠤᠭᠳᠠᠪᠠ᠃
        ᠳᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢᠭᠡ ᠰᠠᠷ᠎ᠠ ᠶᠢᠨ ᠴᠠᠭ ᠢ ᠠᠰᠢᠭᠯᠠᠵᠦ ᠡᠮ ᠡᠮᠨᠡᠯᠭᠡ ᠶᠢᠨ ᠪᠠᠳᠤᠯᠠᠭ᠎ᠠ ᠶᠢᠨ ᠰᠠᠭᠤᠷᠢ ᠮᠦᠩᠭᠦ ᠶᠢᠨ ᠬᠢᠨᠠᠯᠳᠠ ᠬᠠᠮᠢᠶᠠᠷᠤᠯᠳᠠ ᠶᠢᠨ ᠬᠠᠤᠯᠢ ᠴᠠᠭᠠᠵᠠ ᠬᠠᠤᠯᠢ ᠳᠤᠭᠳᠠᠭᠠᠯ ᠪᠠ ᠳᠦᠷᠦ ᠶᠢᠨ ᠪᠤᠳᠤᠯᠭ᠎ᠠ ᠶᠢᠨ ᠳᠤᠭᠳᠠᠭᠠᠯ ᠢ ᠤᠬᠠᠭᠤᠯᠤᠨ ᠳᠠᠶᠢᠯᠪᠤᠷᠢᠯᠠᠵᠦ᠂ ᠳᠠᠭᠠᠳᠬᠠᠯ ᠳᠤ ᠤᠷᠤᠭᠰᠠᠨ ᠬᠦᠮᠦᠰ ᠤᠨ ᠬᠠᠤᠯᠢ ᠳᠦᠷᠢᠮ ᠤᠨ ᠤᠬᠠᠮᠰᠡᠷ ᠢ ᠴᠢᠩᠭᠠᠷᠠᠭᠤᠯᠵᠦ᠂ ᠡᠮ ᠡᠮᠨᠡᠯᠭᠡ ᠶᠢᠨ ᠪᠠᠳᠤᠯᠠᠭ᠎ᠠ ᠶᠢᠨ ᠰᠠᠭᠤᠷᠢ ᠮᠦᠩᠭᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠡᠯ᠎ᠡ ᠱᠠᠳᠤᠨ ᠤ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠳᠡᠷᠡᠬᠦᠯᠵᠦ᠂ ᠳᠠᠭᠠᠳᠬᠠᠯ ᠢ ᠮᠡᠭᠡᠯᠡᠬᠦ ᠤᠶᠢᠯᠡ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠪᠠᠳᠤᠯᠠᠭ᠎ᠠ ᠶᠢ ᠮᠡᠭᠡᠯᠡᠬᠦ ᠠᠵᠢᠯᠯᠠᠭ᠎ᠠ ᠳᠤ ᠴᠤᠬᠢᠯᠳᠠ ᠦᠭᠬᠦ ︽ᠠᠷᠠᠳ ᠤᠨ ᠳᠠᠶᠢᠨ︾ ᠢ ᠦᠷᠨᠢᠬᠦᠯᠵᠦ᠂ ᠡᠮ ᠡᠮᠨᠡᠯᠭᠡ ᠶᠢᠨ ᠪᠠᠳᠤᠯᠠᠭ᠎ᠠ ᠶᠢᠨ ᠰᠠᠭᠤᠷᠢ ᠮᠦᠩᠭᠦ ᠶᠢᠨ ᠠᠮᠤᠷ ᠳᠦᠪᠰᠢᠨ ᠪᠠᠶᠢᠬᠤ ᠶᠢ ᠤᠬᠠᠮᠰᠡᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃        ᠪᠤᠭᠤᠳᠤ ᠬᠤᠳᠠ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠳᠤᠪᠴᠢᠶᠠᠨ ᠤ ᠳᠡᠳ᠋ ᠳᠠᠷᠤᠭ᠎ᠠ ᠰᠦᠨ ᠵᠢᠶᠠᠨ ᠪᠢᠨ᠂ ᠳᠤᠭᠤᠷᠢᠭ ᠤᠨ ᠤᠳᠤᠷᠢᠳᠤᠭᠴᠢ ᠵᠤ᠋ ᠼᠦᠨ ᠬᠦᠢ᠂ ᠶᠤᠤ ᠶᠦᠩ ᠠᠢ᠂ ᠶᠦᠨ ᠰᠢᠶᠤᠤ ᠴᠢᠩ᠂ ᠮᠢ ᠴᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号