ᠰᠢᠭᠤᠶᠢᠳᠤ ᠳᠤᠭᠤᠷᠢᠭ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠮᠠᠯᠵᠢᠬᠤ ᠳᠠᠷᠢᠶᠠᠯᠠᠬᠤ ᠤᠷᠤᠨ ᠢ ᠶᠠᠳᠠᠭᠤ ᠠᠴᠠ ᠠᠩᠭᠢᠵᠢᠷᠠᠭᠤᠯᠬᠤ ᠴᠡᠭᠴᠡᠯᠡᠨ ᠵᠠᠰᠠᠬᠤ ᠠᠵᠢᠯ ᠢ ᠳᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-16
        ᠤᠶᠢᠷ᠎ᠠ ᠶᠢᠨ ᠡᠳᠤᠷ᠂ ᠰᠢᠭᠤᠶᠢᠳᠤ ᠳᠤᠭᠤᠷᠢᠭ ᠳᠦᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠳᠤᠭᠤᠷᠢᠨ ᠪᠠᠶᠢᠴᠠᠭᠠᠵᠦ ᠬᠠᠷᠢᠭᠤ ᠳᠤᠰᠬᠠᠭᠰᠠᠨ ᠰᠠᠨᠠᠯ ᠶᠤᠰᠤᠭᠠᠷ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠮᠠᠯᠵᠢᠬᠤ ᠳᠠᠷᠢᠶᠠᠯᠠᠬᠤ ᠤᠷᠤᠨ ᠢ ᠶᠠᠳᠠᠭᠤ ᠠᠴᠠ ᠠᠩᠭᠢᠵᠢᠷᠠᠭᠤᠯᠬᠤ ᠴᠡᠭᠴᠡᠯᠡᠨ ᠵᠠᠰᠠᠬᠤ ᠠᠵᠢᠯ ᠢ ᠳᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠪᠠ᠃        ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠬᠢᠨᠠᠯᠳᠠ ᠰᠢᠯᠭᠠᠷᠠᠭᠤᠯᠤᠯᠳᠠ ᠶᠢᠨ ᠬᠢᠨᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠬᠤᠤ ᠰᠢᠶᠠᠩ᠂ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ᠂ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠤᠷᠳᠤᠨ ᠤ ᠳᠠᠷᠤᠭ᠎ᠠ ᠯᠢ ᠰᠢᠨ ᠴᠦᠨ᠂ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠧᠢ ᠴᠢᠶᠠᠩ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠢ ᠰᠢᠶᠠᠩ ᠬᠦᠩ ᠵᠡᠷᠭᠡ ᠰᠢᠶᠠᠨ ᠤ ᠱᠠᠳᠤᠨ ᠤ ᠤᠳᠤᠷᠢᠳᠤᠯᠭ᠎ᠠ ᠬᠢᠭᠡᠳ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠭᠠᠴᠠᠭ᠎ᠠ ᠳᠤᠰᠬᠤᠨ ᠤ ᠺᠠᠳᠡᠷ᠂ ᠳᠤᠰᠬᠤᠨ ᠳᠤ ᠰᠠᠭᠤᠭ᠎ᠠ ᠨᠢᠭᠡᠳᠤᠭᠡᠷ ᠱᠦᠵᠢ᠂ ᠳᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠤᠭᠤᠷᠢᠭ ᠤᠨ ᠨᠠᠮ ᠤᠨ ᠬᠤᠷᠢᠶᠠᠨ ᠤ ᠬᠢᠨᠠᠨ ᠵᠢᠯᠤᠭᠤᠳᠬᠤ ᠳᠤᠭᠤᠶᠢᠯᠠᠩ᠂ ᠳᠤᠭᠤᠷᠢᠭ ᠤᠨ ᠵᠠᠰᠠᠭ ᠤᠨ ᠤᠷᠳᠤᠨ ᠤ ᠬᠢᠨᠠᠨ ᠵᠢᠯᠤᠭᠤᠳᠬᠤ ᠳᠤᠭᠤᠶᠢᠯᠠᠩ ᠤᠨ ᠪᠦᠬᠦ ᠬᠡᠰᠢᠬᠦᠨ ᠬᠤᠷᠠᠯ ᠳᠤ ᠤᠷᠤᠯᠴᠠᠪᠠ᠃
       ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ ᠠᠴᠠ ᠶᠠᠷᠢᠶ᠎ᠠ ᠳᠠᠯᠪᠢᠵᠠᠢ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠳᠠᠷᠤᠭ᠎ᠠ ᠯᠢ ᠰᠢᠨ ᠴᠦᠨ ᠬᠤᠷᠠᠯ ᠡᠷᠬᠢᠯᠡᠪᠡ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠢ ᠰᠢᠶᠠᠩ ᠬᠦᠩ ᠠᠴᠠ 2018 ᠤᠨ ᠤ ᠶᠠᠳᠠᠭᠤ ᠶᠢ ᠳᠡᠳᠬᠦᠵᠦ ᠨᠡᠭᠡᠭᠡᠨ ᠬᠦᠭᠵᠢᠬᠦᠯᠦᠭᠰᠡᠨ ᠠᠵᠢᠯ ᠢᠶᠠᠨ ᠳ᠋ᠦᠩᠨᠡᠵᠦ᠂ 2019 ᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠ ᠳᠦᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠳᠤᠭᠤᠷᠢᠨ ᠪᠠᠶᠢᠴᠠᠭᠠᠵᠦ ᠬᠠᠷᠢᠭᠤ ᠳᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃ ᠳᠤᠭᠤᠷᠢᠭ ᠤᠨ ᠳᠡᠳ᠋ ᠳᠠᠷᠤᠭ᠎ᠠ ᠭᠠᠢ ᠢᠤᠢ ᠠᠴᠠ 2018 ᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠ ᠬᠦᠮᠦᠰ ᠤᠨ ᠤᠷᠤᠰᠢᠨ ᠰᠠᠭᠤᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷᠨᠢᠬᠦᠯᠦᠭᠰᠡᠨ ᠪᠠᠶᠢᠳᠠᠯ ᠢ ᠳ᠋ᠦᠩᠨᠡᠵᠦ᠂ 2019 ᠤᠨ ᠤ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ ᠡᠷᠬᠡᠪᠰᠢ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠᠷ ᠭᠠᠷᠳᠠᠴᠠ ᠪᠤᠯᠭᠠᠵᠦ᠂ ᠳᠠᠷᠢᠶᠠᠯᠠᠩ ᠮᠠᠯ ᠠᠵᠦ ᠠᠬᠤᠢ ᠶᠢ ᠯᠠᠪᠳᠠᠭᠤᠨ ᠪᠠᠳᠤᠳᠠᠢ ᠳᠦᠯᠬᠢᠨ ᠠᠬᠢᠭᠤᠯᠵᠦ᠂ ᠮᠠᠯᠵᠢᠬᠤ ᠳᠠᠷᠢᠶᠠᠯᠠᠬᠤ ᠤᠷᠤᠨ ᠤ ᠴᠢᠨᠠᠷ ᠰᠠᠶᠢᠳᠠᠢ ᠬᠦᠭᠵᠢᠯᠳᠠ ᠶᠢ ᠪᠠᠳᠤᠯᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ᠂ ᠦᠵᠡᠯᠳᠠ ᠪᠠᠨ ᠬᠤᠪᠢᠷᠠᠭᠤᠯᠵᠦ᠂ ᠤᠯᠠᠨ ᠳᠦᠮᠡᠨ ᠤ ᠳᠠᠶᠢᠴᠢᠯᠠᠯᠳᠠ ᠶᠢ ᠰᠠᠶᠢᠳᠤᠷ ᠠᠳᠬᠤᠨ᠎ᠠ᠃ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠬᠦᠳᠡᠭᠡ ᠳᠤᠰᠬᠤᠨ ᠤ ᠵᠠᠰᠠᠯᠳᠠ ᠶᠢᠨ ᠳᠤᠭᠳᠠᠴᠠ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠤᠯᠠᠨ ᠠᠷᠭ᠎ᠠ ᠵᠠᠮ ᠢᠶᠠᠷ ᠳᠤᠰᠬᠤᠨ ᠤ ᠬᠠᠮᠳᠤ ᠶᠢᠨ ᠠᠵᠦ ᠠᠬᠤᠢ ᠶᠢ ᠬᠦᠭᠵᠢᠬᠦᠯᠵᠦ᠂ ᠴᠤ᠋ ᠰᠢᠨ᠎ᠡ ᠳᠦᠷᠰᠦ ᠪᠠᠶᠢᠳᠠᠯ ᠢᠶᠠᠷ ᠬᠦᠳᠡᠭᠡ ᠳᠤᠰᠬᠤᠨ ᠤ ᠨᠠᠮ ᠤᠨ ᠡᠬᠦᠷ ᠤᠨ ᠳᠠᠶᠢᠴᠢᠨ ᠪᠠᠬᠢᠯᠡᠯᠳᠡ ᠶᠢᠨ ᠤᠶᠢᠯᠡᠳᠤᠯ ᠢ ᠰᠠᠶᠢᠳᠤᠷ ᠪᠠᠳᠠᠷᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠠᠳᠬᠤᠵᠦ᠂ ᠳᠤᠭᠳᠠᠭᠤᠨ ᠢ ᠬᠠᠮᠠᠭᠠᠯᠠᠬᠤ ᠪᠠ ᠨᠠᠶᠢᠭᠡᠮ ᠤᠨ ᠵᠦᠷᠢᠴᠡᠯ ᠢ ᠰᠢᠢᠳᠪᠤᠷᠢᠯᠡᠬᠦ ᠠᠵᠢᠯ ᠢ ᠴᠢᠬᠤᠯᠠᠴᠢᠯᠠᠪᠠ᠃        
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号