ᠰᠢᠭᠤᠶᠢᠳᠤ ᠳᠤᠭᠤᠷᠢᠭ ᠤᠯᠤᠰ ᠤᠨ ᠠᠮᠤᠷ ᠳᠦᠪᠰᠢᠨ ᠢ ᠬᠠᠮᠠᠭᠠᠯᠠᠵᠦ ᠠᠷᠠᠳ ᠳᠦᠮᠡᠨ ᠤ ᠪᠠᠬᠢᠯᠠᠯᠳᠠ ᠶᠢ ᠪᠠᠬᠢᠵᠢᠬᠦᠯᠬᠦ ᠰᠢᠷᠢᠰ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2019-04-17
       4 ᠰᠠᠷ᠎ᠠ ᠶᠢᠨ 15 ᠤ ᠡᠳᠤᠷ᠂ ᠰᠢᠭᠤᠶᠢᠳᠤ ᠳᠤᠭᠤᠷᠢᠭ᠂ ᠪᠠᠳᠺᠠᠷ ᠰᠦᠮ᠎ᠡ ᠦᠵᠡᠮᠵᠢ ᠶᠢᠨ ᠤᠷᠤᠨ ᠵᠡᠷᠭᠡ ᠭᠠᠵᠠᠷ ᠪᠦᠬᠦ ᠠᠷᠠᠳ ᠤᠨ ᠤᠯᠤᠰ ᠤᠨ ᠠᠮᠤᠷ ᠳᠦᠪᠰᠢᠨ ᠤ ᠬᠦᠮᠦᠵᠢᠯ ᠤᠨ ᠡᠳᠤᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃        ᠳᠤᠭᠤᠷᠢᠭ ᠤᠨ ᠤᠳᠤᠷᠢᠳᠤᠭᠴᠢ ᠸᠠᠩ ᠶᠢᠨ ᠯᠦᠩ᠂ ᠶᠦᠸᠧ ᠵᠢᠶᠠᠨ ᠪᠢᠨ᠂ ᠮᠢ ᠴᠢᠶᠤᠤ ᠯᠢᠨ ᠠᠵᠢᠯᠯᠠᠭ᠎ᠠ ᠳᠤ ᠤᠷᠤᠯᠴᠠᠪᠠ᠃
        ᠠᠵᠢᠯᠯᠠᠭ᠎ᠠ ᠨᠢ ᠤᠬᠠᠭᠤᠯᠭ᠎ᠠ ᠶᠢᠨ ᠵᠢᠷᠤᠭᠳᠤ ᠳᠡᠪᠳᠡᠷ ᠳᠠᠷᠬᠠᠭᠠᠬᠤ᠂ ᠬᠦᠨᠳᠡᠯᠡᠨ ᠪᠢᠴᠢᠭᠡᠰᠦ ᠡᠯᠬᠦᠬᠦ᠂ ᠵᠠᠷ ᠮᠡᠳᠡᠭᠡ ᠨᠠᠭᠠᠬᠤ᠂ ᠳᠤᠬᠠᠢ ᠶᠢᠨ ᠳᠠᠯᠠᠪᠠᠢ ᠳᠤ ᠠᠰᠠᠭᠤᠵᠦ ᠯᠠᠪᠯᠠᠬᠤ ᠪᠠᠷ ᠳᠠᠮᠵᠢᠭᠤᠯᠤᠨ ︽ᠦᠨᠳᠤᠰᠤᠨ ᠬᠠᠤᠯᠢ ︾᠂ ︽ᠤᠯᠤᠰ ᠤᠨ ᠠᠮᠤᠷ ᠢ ᠬᠠᠮᠠᠭᠠᠯᠠᠬᠤ ᠬᠠᠤᠯᠢ︾᠂ ︽ᠰᠦᠷᠳᠡᠬᠦᠯᠬᠦ ᠦᠵᠡᠯ ᠢ ᠡᠰᠡᠷᠬᠦᠴᠡᠬᠦ ᠬᠠᠤᠯᠢ︾᠂ ︽ᠰᠦᠯᠵᠢᠶᠡᠨ ᠤ ᠠᠮᠤᠷ ᠳᠦᠪᠰᠢᠨ ᠤ ᠬᠠᠤᠯᠢ︾᠂ ︽ᠳᠠᠩᠨᠠᠭᠤᠯ ᠢ ᠡᠰᠡᠷᠬᠦᠴᠡᠬᠦ ᠬᠠᠤᠯᠢ︾ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠳᠤᠭᠳᠠᠭᠠᠯ ᠤᠨ ᠮᠡᠳᠡᠯᠭᠡ ᠶᠢᠨ ᠳᠤᠬᠠᠢ ᠤᠬᠠᠭᠤᠯᠭ᠎ᠠ ᠶᠢᠨ ᠬᠠᠭᠤᠳᠠᠰᠦ ᠮᠢᠩᠭ᠎ᠠ ᠭᠠᠷᠤᠢ ᠳᠡᠪᠳᠡᠷ ᠳᠠᠷᠬᠠᠭᠠᠪᠠ᠃        ᠤᠶᠢᠯᠠᠭᠠᠭᠰᠠᠨ ᠢᠶᠠᠷ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠳᠦᠪᠯᠡᠷᠡᠬᠦᠯᠦᠨ ᠵᠤᠬᠢᠶᠠᠨ ᠪᠠᠶᠢᠭᠤᠯᠤᠭᠰᠠᠨ ᠠᠴᠠ ᠭᠠᠳᠠᠨ᠎ᠠ᠂ ᠰᠢᠭᠤᠶᠢᠳᠤ ᠳᠤᠭᠤᠷᠢᠭ ᠤᠨ ᠡᠯ᠎ᠡ ᠱᠠᠳᠤᠨ ᠤ ᠡᠯ᠎ᠠ ᠰᠠᠯᠠᠭ᠎ᠠ ᠮᠦᠴᠢᠷ ᠠᠴᠠ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠬᠠᠤᠯᠢ ᠪᠠᠷ ᠵᠠᠰᠠᠬᠤ ᠳᠤᠬᠠᠢ ᠳᠠᠶᠢᠯᠤᠮᠵᠢ ᠬᠢᠬᠦ᠂ ᠰᠡᠷᠡᠮᠵᠢ ᠶᠢᠨ ᠹᠢᠯᠢᠮ ᠦᠵᠡᠬᠦ᠂ ᠭᠡᠷ ᠡᠷᠤᠭᠡ ᠪᠠᠷ ᠤᠷᠤᠵᠦ ᠤᠬᠠᠭᠤᠯᠤᠨ ᠳᠠᠶᠢᠯᠪᠤᠷᠢᠯᠠᠬᠤ ᠵᠡᠷᠭᠡ ᠤᠯᠠᠨ ᠵᠤᠶᠢᠯ ᠤᠨ ᠬᠡᠯᠪᠡᠷᠢ ᠪᠠᠷ ᠦᠷᠨᠢᠬᠦᠯᠪᠡ᠃ ᠳᠡᠷᠡᠴᠢᠯᠡᠨ ᠪᠢᠴᠢᠯ ᠪᠦᠷᠭᠡ᠂ ᠸᠢᠴᠡᠲ᠂ LED ᠳᠤᠳᠤᠷᠠᠭᠤᠯᠬᠤ ᠬᠦᠰᠢᠭᠡ᠂ ᠤᠬᠠᠭᠤᠯᠬᠤ ᠰᠠᠮᠪᠠᠷ᠎ᠠ ᠵᠡᠷᠭᠡ ᠰᠦᠯᠵᠢᠶᠡᠨ ᠳᠡᠭᠡᠷᠡᠬᠢ ᠪᠠ ᠭᠠᠳᠠᠨᠠᠬᠢ ᠶᠢᠨ ᠳᠠᠪᠴᠡᠩ ᠳᠤ ᠮᠡᠳᠡᠪᠡᠰᠦ ᠵᠤᠬᠢᠬᠤ ᠤᠯᠤᠰ ᠤᠨ ᠠᠮᠤᠷ ᠳᠦᠪᠰᠢᠨ ᠤ ᠶᠡᠷᠦ ᠶᠢᠨ ᠮᠡᠳᠡᠯᠭᠡ ᠪᠠ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠠᠭᠤᠯᠭ᠎ᠠ ᠶᠢ ᠳᠠᠷᠬᠠᠭᠠᠵᠦ᠂ ᠦᠷᠭᠡᠨ ᠤᠯᠠᠨ ᠺᠠᠳᠡᠷ ᠢ ᠬᠦᠳᠦᠯᠦᠨ ᠵᠢᠯᠤᠭᠤᠳᠴᠦ ᠪᠠᠶᠢᠭᠠᠳ ᠤᠯᠤᠰ ᠤᠨ ᠠᠮᠤᠷ ᠳᠦᠪᠰᠢᠨ ᠤ ᠤᠬᠠᠮᠰᠡᠷ ᠢ ᠪᠤᠢ ᠪᠤᠯᠭᠠᠵᠦ᠂ ᠤᠯᠤᠰ ᠤᠨ ᠠᠮᠤᠷ ᠳᠦᠪᠰᠢᠨ ᠳᠤ ᠰᠡᠳᠬᠢᠯ ᠳᠠᠯᠪᠢᠵᠦ ᠠᠷᠠᠳ ᠢᠷᠭᠡᠨ ᠤ ᠦᠨᠳᠤᠰᠤᠨ ᠡᠬᠦᠷᠭᠡ ᠪᠠᠨ ᠬᠦᠢᠴᠡᠳᠭᠡᠵᠦ ︽ᠤᠯᠤᠰ ᠤᠷᠤᠨ ᠤ ᠠᠰᠢᠭ ᠳᠤᠰᠠ ᠶᠢ ᠶᠠᠭᠤᠨ ᠠᠴᠠ ᠴᠦ ᠢᠯᠡᠬᠦᠦ ᠡᠷᠬᠢᠮᠯᠡᠵᠦ᠂ ᠤᠯᠤᠰ ᠤᠷᠤᠨ ᠤ ᠠᠮᠤᠷ ᠳᠦᠪᠰᠢᠨ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ︾ ᠤᠷᠴᠢᠨ ᠢ ᠪᠦᠷᠢᠯᠳᠤᠬᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号