ᠰᠢᠭᠤᠶᠢᠳᠤ ᠳᠤᠭᠤᠷᠢᠭ ᠤᠨ ᠦᠨᠳᠦᠰᠦᠳᠡᠨ ᠤ ᠬᠡᠷᠡᠭ ᠡᠷᠬᠢᠯᠡᠬᠦ ᠬᠤᠷᠢᠶ᠎ᠡ ᠶᠢᠨ ᠠᠯᠪᠠᠨ ᠬᠡᠷ | ᠳᠠᠷᠬᠠᠭᠠᠭᠰᠠᠨ | 2019 ᠤᠨ ᠤ 4 ᠰᠠᠷ᠎ᠠ ᠶᠢᠨ 3 ᠤ ᠡᠳᠤᠷ | ᠪᠤᠭᠤᠳᠤ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠳᠠ ᠶᠢᠨ ᠨᠠᠮ ᠤᠨ | ᠬᠤᠷᠢᠶᠠᠨ ᠤ ᠨᠢᠭᠡᠳᠤᠮᠡᠯ ᠹᠷᠤᠨᠲ ᠤᠨ ᠬᠡᠯᠳᠡᠰ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠳᠠᠷᠤᠮᠠᠯᠯᠠᠨ | ᠳᠠᠷᠬᠠᠭᠠᠭᠰᠠᠨ ︽ᠪᠦᠬᠦ ᠬᠤᠳᠠ ᠶᠢᠨ ᠠᠷᠪᠡᠨ ᠨᠢᠭᠡᠳᠤᠭᠡᠷ ᠤᠳᠠᠭᠠᠨ ᠤ ᠦᠨᠳᠤᠰᠤᠳᠡᠨ ᠤ ᠳᠦᠷᠦ ᠶᠢᠨ | ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠵᠦ ᠦᠷᠨᠢᠬᠦᠯᠬᠦ ᠳᠦᠰᠦᠯ︾ ᠤᠨ | ᠮᠡᠳᠡᠭᠳᠡᠯ ︵ᠪᠤᠭᠤᠳᠤ ᠬᠤᠳᠠ ᠶᠢᠨ ᠬᠡᠷᠡᠭ ᠡᠷᠬᠢᠯᠡᠬᠦ ᠬᠤᠷᠢᠶᠠᠨ ᠤ ᠳᠠᠷᠬᠠᠭᠠᠭᠰᠠᠨ ﹇2019﹈ 10 ᠳ᠋ᠤᠭᠠᠷ | ᠳᠤᠭᠠᠳᠤ︶ ᠪᠢᠴᠢᠭ ᠮᠠᠲ᠋ᠧᠷᠢᠶᠠᠯ ᠤᠨ ᠵᠤᠷᠢᠭ ᠰᠠᠨᠠᠭᠠᠨ ᠤ ᠶᠤᠰᠤᠭᠠᠷ᠂ ᠨᠠᠮ ᠤᠨ ᠳᠦᠪ ᠬᠤᠷᠢᠶ᠎ᠠ᠂ ᠦᠪᠡᠷᠳᠡᠬᠡᠨ | ᠵᠠᠰᠠᠬᠤ ᠤᠷᠤᠨ᠂ ᠪᠤᠭᠤᠳᠤ ᠬᠤᠳᠠ ᠶᠢᠨ ᠦᠨᠳᠤᠰᠦᠳᠡᠨ ᠤ ᠠᠵᠢᠯ ᠤᠨ ᠬᠤᠷᠯᠠᠳᠤᠭᠠᠨ ᠤ ᠵᠤᠷᠢᠭ ᠰᠠᠨᠠᠭ᠎ᠠ ᠶᠢ | ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠳᠤᠤᠷᠠᠬᠢ | ᠳᠦᠰᠦᠯ ᠢ ᠳᠤᠭᠳᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠵᠢᠴᠢ | ᠶᠡᠷᠦᠩᠭᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠤᠷ ᠮᠤᠩᠭᠤᠯ ᠤᠨ ᠳᠦᠯᠦᠭᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠳᠤᠭᠤᠰᠢᠯᠠᠭᠤᠯᠵᠦ᠂ ᠨᠠᠮ ᠤᠨ ᠳᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ᠂ ᠪᠤᠭᠤᠳᠤ | ᠬᠤᠳᠠ ᠶᠢᠨ ᠦᠨᠳᠤᠰᠦᠳᠡᠨ ᠤ ᠠᠵᠢᠯ ᠤᠨ ᠬᠤᠷᠯᠠᠳᠤᠭᠠᠨ ᠤᠨ ᠶᠡᠷᠦᠩᠭᠡᠢ ᠱᠠᠭᠠᠷᠳᠠᠯᠭ᠎ᠠ ᠪᠠᠷ ︽ᠬᠠᠮᠳᠤ ᠪᠠᠷ | ᠪᠦᠯᠬᠦᠮᠳᠡᠨ ᠳᠡᠮᠡᠴᠡᠵᠦ᠂ ᠬᠠᠮᠳᠤ ᠪᠠᠷ ᠴᠡᠴᠡᠭᠯᠡᠨ ᠬᠦᠭᠵᠢᠬᠦ︾ ᠦᠨᠳᠤᠰᠦᠳᠡᠨ ᠤ ᠠᠵᠢᠯ ᠤᠨ ᠭᠤᠤᠯ ᠰᠡᠳᠤᠪ ᠤᠨ | ᠳᠤᠭᠤᠷᠢᠨ ᠳᠤ ᠦᠨᠳᠤᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠳᠤᠭᠳᠠᠭᠤᠨ ᠢ ᠯᠠᠪᠳᠠᠭᠤᠨ ᠪᠠᠳᠤᠳᠠᠢ | ᠠᠬᠢᠭᠤᠯᠵᠦ᠂ ᠪᠠᠶᠢᠭᠤᠯᠭ᠎ᠠ ᠨᠢᠭᠡᠴᠢ᠂ ᠰᠤᠷᠭᠠᠭᠤᠯᠢ᠂ ᠠᠵᠦ ᠠᠬᠤᠶᠢᠯᠠᠯ᠂ ᠰᠤᠮᠤ ᠪᠠᠯᠭᠠᠰᠤ᠂ ᠨᠡᠶᠢᠭᠡᠮ ᠳᠤᠭᠤᠷᠢᠭ | ︵ᠭᠠᠴᠠᠭ᠎ᠠ᠂ ᠳᠤᠰᠬᠤᠨ︶᠂ ᠭᠡᠷ ᠪᠦᠯᠢ᠂ ᠴᠡᠷᠢᠭ ᠤᠨ ᠬᠤᠸᠠᠷᠠᠨ᠂ ᠱᠠᠰᠢᠨ ᠰᠤᠷᠳᠠᠬᠤᠨ ᠤ ᠠᠵᠢᠯᠯᠠᠭᠠᠨ ᠤ | ᠭᠠᠵᠠᠷ ᠤᠨ ︽ᠭᠤᠤᠯ ᠵᠢᠭᠰᠠᠭᠠᠯ ᠤᠨ ᠭᠠᠵᠠᠷ︾ ᠤᠨ ᠤᠶᠢᠯᠡᠳᠤᠯ ᠢ ᠬᠦᠢᠴᠡᠳ ᠪᠠᠳᠠᠷᠠᠭᠤᠯᠵᠦ᠂ ᠤᠬᠠᠭᠤᠯᠭ᠎ᠠ ᠶᠢᠨ | ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠵᠦ᠂ ᠨᠠᠮ ᠪᠠ ᠤᠯᠤᠰ ᠤᠨ ᠦᠨᠳᠤᠰᠦᠳᠡᠨ ᠤ ᠳᠦᠷᠦ ᠶᠢᠨ | ᠪᠤᠳᠤᠯᠭ᠎ᠠ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠭᠡᠨ ᠳᠡᠯᠭᠡᠷ ᠦᠷᠨᠢᠬᠦᠯᠵᠦ᠂ ᠨᠡᠶᠢᠭᠡᠮ | ᠳᠠᠶᠠᠭᠠᠷ ᠲᠤ ᠦᠨᠳᠤᠰᠦᠳᠡᠨ ᠤ ᠪᠦᠯᠬᠦᠮᠳᠡᠯ ᠤᠨ ᠦᠷᠳᠡᠭ ᠤᠨ ᠦᠵᠡᠯᠳᠠ ᠶᠢ ᠳᠡᠯᠭᠡᠷᠡᠬᠦᠯᠵᠦ᠂ ᠳᠤᠮᠳᠠᠳᠤ ᠶᠢᠨ | ᠦᠨᠳᠤᠰᠦᠳᠡᠨ ᠤ ᠬᠠᠮᠳᠤ ᠶᠢᠨ ᠴᠤᠭᠴᠠ ᠶᠢᠨ ᠤᠬᠠᠮᠰᠡᠷ ᠢ ᠪᠤᠢ ᠪᠤᠯᠭᠠᠵᠦ᠂ ᠪᠦᠬᠦ ᠤᠷᠤᠨ ᠤ ᠬᠡᠪᠴᠢᠶᠡᠨ ᠳᠤ | ᠦᠨᠳᠤᠰᠦᠳᠡᠨ ᠤ ᠪᠦᠯᠬᠦᠮᠳᠡᠯ ᠳᠠᠪᠰᠢᠯᠳᠠ᠂ ᠨᠡᠶᠢᠭᠡᠮ ᠤᠨ ᠡᠶ᠎ᠡ ᠵᠤᠬᠢᠴᠠᠩᠭᠤᠢ ᠬᠦᠭᠵᠢᠬᠦ ᠰᠠᠶᠢᠨ ᠰᠠᠶᠢᠬᠠᠨ | ᠤᠷᠴᠢᠨ ᠢ ᠪᠤᠢ ᠪᠤᠯᠭᠠᠨ᠎ᠠ᠃ | ᠬᠤᠶᠠᠷ᠂ ᠦᠨᠳᠦᠰᠦᠳᠡᠨ ᠤ ᠳᠦᠷᠦ ᠶᠢᠨ ᠪᠤᠳᠤᠯᠭ᠎ᠠ ᠶᠢ ᠤᠬᠠᠭᠤᠯᠬᠤ ᠠᠭᠤᠯᠭ᠎ᠠ | ︵ᠨᠢᠭᠡ︶᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠳᠦᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯᠳᠤᠭᠠᠨ ᠦᠨᠳᠦᠰᠦᠳᠡᠨ ᠤ ᠠᠵᠢᠯ ᠤᠨ ᠳᠤᠬᠠᠢ | ᠮᠡᠳᠡᠬᠦᠯᠦᠯᠳᠡ ᠵᠢᠴᠢ ᠨᠠᠮ ᠤᠨ ᠳᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ᠂ ᠪᠤᠭᠤᠳᠤ ᠬᠤᠳᠠ ᠶᠢᠨ | ᠦᠨᠳᠤᠰᠦᠳᠡᠨ ᠤ ᠠᠵᠢᠯ ᠤᠨ ᠬᠤᠷᠯᠠᠳᠤᠭᠠᠨ ᠤ ᠵᠤᠷᠢᠭ ᠰᠠᠨᠠᠭ᠎ᠠ ᠪᠠ ᠰᠢ ᠶᠢᠨ ᠫᠢᠩ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠦᠪᠤᠷ ᠮᠤᠩᠭᠤᠯ ᠤᠨ ᠳᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ | ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ︽︿ᠠᠷᠪᠡᠨ | ᠭᠤᠷᠪᠠᠳᠤᠭᠠᠷ ᠳᠠᠪᠤᠨ ᠵᠢᠯ﹀ ᠤᠨ ᠴᠦᠬᠡᠨ ᠳᠤᠭᠠᠳᠤ ᠦᠨᠳᠤᠰᠦᠳᠡᠨ ᠤ ᠭᠠᠵᠠᠷᠤᠷᠤᠨ ᠪᠠ ᠬᠦᠮᠦᠨ ᠠᠮᠠ | ᠴᠦᠭᠡᠪᠳᠤᠷ ᠦᠨᠳᠤᠰᠦᠳᠡᠨ ᠤ ᠬᠦᠭᠵᠢᠯᠳᠡ ᠶᠢᠨ ᠳᠦᠯᠦᠪᠵᠢᠬᠦᠯᠭᠡ︾ ᠶᠢᠨ ᠬᠠᠮᠢᠶ᠎ᠡ ᠪᠦᠬᠦᠢ ᠠᠭᠤᠯᠭ᠎ᠠ ᠶᠢ | ᠦᠷᠭᠡᠨ ᠢᠶᠠᠷ ᠤᠬᠠᠭᠤᠯᠤᠨ᠎ᠠ᠃ | ︵ᠬᠤᠶᠠᠷ︶᠂ ᠨᠠᠮ ᠪᠠ ᠤᠯᠤᠰ ᠤᠨ ᠦᠨᠳᠦᠰᠦᠳᠡᠨ ᠤ ᠳᠦᠷᠦ ᠶᠢᠨ ᠪᠤᠳᠤᠯᠭ᠎ᠠ᠂ ᠬᠠᠤᠯᠢ ᠳᠤᠭᠳᠠᠭᠠᠯ | ᠬᠢᠭᠡᠳ ᠦᠨᠳᠦᠰᠦᠳᠡᠨ ᠤ ᠳᠤᠬᠠᠢ ᠦᠨᠳᠤᠰᠦᠨ ᠮᠡᠳᠡᠯᠭᠡ ᠶᠢ ᠦᠷᠨᠢᠬᠦᠯᠵᠦ ︽ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠨᠳᠤᠰᠦᠨ ᠬᠠᠤᠯᠢ︾᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠷᠢᠮ︾ ᠤᠨ | ᠳᠤᠭᠳᠠᠭᠠᠭᠰᠠᠨ ᠮᠠᠨ ᠤ ᠤᠯᠤᠰ ᠤᠨ ᠦᠨᠳᠦᠰᠦᠳᠡᠨ ᠤ ᠳᠦᠷᠦ ᠶᠢᠨ ᠪᠤᠳᠤᠯᠭ᠎ᠠ ᠶᠢᠨ ᠦᠨᠳᠦᠰᠦᠨ ᠵᠠᠷᠴᠢᠮ᠂ ︽ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ︾ | ᠂ ︽ᠬᠤᠳᠠ ᠶᠢᠨ ᠦᠨᠳᠦᠰᠦᠳᠡᠨ ᠤ ᠠᠵᠢᠯ ᠤᠨ ᠳᠦᠷᠢᠮ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠂ ︽ᠪᠤᠭᠤᠳᠤ ᠬᠤᠳᠠ ᠶᠢᠨ | ᠦᠨᠳᠦᠰᠦᠳᠡᠨ ᠤ ᠰᠤᠷᠭᠠᠨ ᠬᠦᠮᠦᠵᠢᠯ ᠤᠨ ᠳᠦᠷᠢᠮ︾᠂ ︽ᠪᠤᠭᠤᠳᠤ ᠬᠤᠳᠠ ᠶᠢᠨ ᠯᠠᠯᠦ ᠶᠢᠨ ᠢᠳᠡᠭᠡᠨ | ᠤᠮᠳᠠᠭᠠᠨ ᠤ ᠬᠠᠮᠢᠶᠠᠷᠤᠯᠳᠠ ᠶᠢᠨ ᠳᠦᠷᠢᠮ︾ ᠵᠡᠷᠭᠡ ᠬᠠᠤᠯᠢ ᠳᠤᠭᠳᠠᠭᠠᠯ ᠢ ᠭᠤᠤᠯᠳᠠᠯᠭ᠎ᠠ ᠲᠠᠢ ᠤᠬᠠᠭᠤᠯᠤᠨ᠎ᠠ᠃ | ︵ᠭᠤᠷᠪᠠ︶᠂ ᠤᠯᠤᠰ ᠪᠠᠶᠢᠭᠤᠯᠤᠭᠳᠠᠭᠰᠠᠨ 70 ᠵᠢᠯ ᠤᠨ ᠳᠤᠷᠰᠢ ᠦᠨᠳᠦᠰᠦᠳᠡᠨ ᠤ ᠪᠦᠯᠬᠦᠮᠳᠡᠯ᠂ | ᠨᠡᠶᠢᠭᠡᠮ ᠤᠨ ᠳᠤᠭᠳᠠᠭᠤᠨ ᠪᠠᠶᠢᠳᠠᠯ ᠤᠨ ᠳᠤᠮᠳᠠ ᠤᠯᠤᠭᠰᠠᠨ ᠠᠰᠤᠷᠦ ᠶᠡᠭᠡ ᠠᠮᠵᠢᠯᠳᠠ ᠪᠠ ᠬᠦᠮᠦᠰ ᠤᠨ | ᠰᠡᠳᠬᠢᠯ ᠢ ᠬᠦᠳᠡᠯᠭᠡᠮ᠎ᠡ ᠤᠶᠢᠯᠡ ᠠᠵᠢᠯᠯᠠᠭ᠎ᠠ ᠵᠢᠴᠢ ᠤᠶᠢᠷ᠎ᠠ ᠶᠢᠨ ᠵᠢᠯ ᠤᠳ ᠲᠤ ᠪᠤᠭᠤᠳᠤ ᠬᠤᠳᠠ ᠶᠢᠨ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠳᠤ᠂ ᠵᠢᠱᠢᠶᠡᠴᠢ ᠬᠤᠪᠢ ᠬᠦᠮᠦᠨ ᠤ ᠨᠡᠶᠢᠳᠡᠯᠢᠭ | ᠤᠶᠢᠯᠠ ᠶᠠᠪᠤᠳᠠᠯ ᠢ ᠤᠬᠠᠭᠤᠯᠵᠦ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠤᠬᠠᠭᠤᠯᠬᠤ ᠶᠢ ᠪᠤᠳᠠᠳᠠᠢ ᠠᠵᠢᠯ | ᠲᠠᠢ ᠤᠶᠠᠯᠳᠤᠭᠤᠯᠵᠦ᠂ ᠴᠦᠬᠡᠨ ᠳᠤᠭᠠᠳᠤ ᠦᠨᠳᠦᠰᠦᠳᠡᠨ ᠤ ᠳᠦᠪᠯᠡᠷᠡᠨ ᠰᠠᠭᠤᠵᠦ ᠪᠠᠶᠢᠭ᠎ᠠ ᠭᠠᠴᠠᠭ᠎ᠠ ᠳᠤᠰᠬᠤᠨ᠂ | ᠨᠡᠶᠢᠭᠡᠮ ᠳᠤᠭᠤᠷᠢᠭ᠂ ᠠᠵᠦ ᠠᠬᠤᠶᠢᠯᠠᠯ᠂ ᠰᠤᠷᠭᠠᠭᠤᠯᠢ ᠳᠤ ᠬᠦᠨᠵᠡᠭᠡᠶᠢᠷᠡᠵᠦ᠂ ᠦᠨᠳᠦᠰᠦᠳᠡᠨ ᠤ ᠪᠦᠯᠬᠦᠮᠳᠡᠯ ᠤᠨ | ᠭᠤᠤᠯ ᠬᠦᠭ ᠠᠶᠠᠰ ᠢ ᠬᠠᠩᠬᠢᠨᠠᠭᠤᠯᠤᠨ ᠴᠤᠤᠷᠢᠶᠠᠳᠤᠭᠤᠯᠵᠦ᠂ ᠦᠨᠳᠦᠰᠦᠳᠡᠨ ᠤ ᠪᠦᠯᠬᠦᠮᠳᠡᠯ ᠤᠨ ᠢᠳᠡᠪᠬᠢ | ᠬᠦᠴᠦᠨ ᠢ ᠪᠠᠳᠠᠷᠠᠭᠤᠯᠤᠨ᠎ᠠ᠃ | ᠭᠤᠷᠪᠠ᠂ ᠦᠨᠳᠦᠰᠦᠳᠡᠨ ᠤ ᠳᠦᠷᠦ ᠶᠢᠨ ᠪᠤᠳᠤᠯᠭ᠎ᠠ ᠶᠢ ᠤᠬᠠᠭᠤᠯᠬᠤ ᠡᠬᠦᠷᠭᠡ | ︵ᠨᠢᠭᠡ︶᠂ ᠰᠢᠭᠤᠶᠢᠳᠤ ᠳᠤᠭᠤᠷᠢᠭ ᠨᠢᠭᠡ ᠤᠳᠠᠭᠠᠨ ᠤ ᠬᠡᠷ ᠤᠨ ᠭᠠᠳᠠᠨᠠᠬᠢ ᠤᠬᠠᠭᠤᠯᠭ᠎ᠠ | ᠬᠦᠮᠦᠵᠢᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ | ︵ᠬᠤᠶᠠᠷ︶᠂ ︽ᠨᠠᠢᠮᠡᠨ ᠤᠷᠤᠭᠰᠢᠯᠡᠨ ᠳᠠᠪᠰᠢᠬᠤ︾ ᠱᠠᠭᠠᠷᠳᠠᠯᠭ᠎ᠠ ᠶᠤᠰᠤᠭᠠᠷ ᠪᠠᠶᠢᠭᠤᠯᠭ᠎ᠠ ᠨᠢᠭᠡᠴᠢ᠂ | ᠰᠤᠷᠭᠠᠭᠤᠯᠢ᠂ ᠠᠵᠦ ᠠᠬᠤᠶᠢᠯᠠᠯ᠂ ᠭᠠᠴᠠᠭ᠎ᠠ ᠳᠤᠰᠬᠤᠨ᠂ ᠭᠡᠷ ᠪᠦᠯᠢ᠂ ᠴᠡᠷᠢᠭ ᠤᠨ ᠬᠤᠸᠠᠷᠠᠨ᠂ ᠱᠠᠰᠢᠨ | ᠰᠤᠷᠳᠠᠬᠤᠨ ᠤ ᠠᠵᠢᠯᠯᠠᠭᠠᠨ ᠤ ᠭᠠᠵᠠᠷ ᠪᠢᠴᠢᠭᠡᠰᠦ ᠡᠯᠬᠦᠬᠦ᠂ ᠤᠬᠠᠭᠤᠯᠭ᠎ᠠ ᠶᠢᠨ ᠬᠠᠭᠤᠳᠠᠰᠦ᠂ ᠤᠭᠤᠳᠠ᠂ | ᠠᠯᠴᠢᠭᠤᠷ ᠵᠡᠷᠭᠡ ᠳᠠᠷᠬᠠᠭᠠᠵᠦ᠂ ᠨᠠᠮ ᠪᠠ ᠤᠯᠤᠰ ᠤᠨ ᠦᠨᠳᠦᠰᠦᠳᠡᠨ ᠤ ᠳᠦᠷᠦ ᠶᠢᠨ ᠪᠤᠳᠤᠯᠭ᠎ᠠ᠂ ᠬᠠᠤᠯᠢ | ᠳᠤᠭᠳᠠᠭᠠᠯ ᠢ ᠪᠦᠬᠦ ᠤᠯᠤᠰ ᠤᠨ ᠬᠡᠪᠴᠢᠶᠡᠨ᠎ᠡ ᠪᠦᠷᠬᠦᠭᠡᠨᠡ᠃ | ︵ᠭᠤᠷᠪᠠ︶᠂ ᠦᠨᠳᠦᠰᠦᠳᠡᠨ ᠤ ᠳᠦᠷᠦ ᠶᠢᠨ ᠪᠤᠳᠤᠯᠭ᠎ᠠ ᠶᠢᠨ ᠤᠨᠤᠯ ᠤᠨ ᠳᠠᠶᠢᠯᠤᠮᠵᠢ ᠶᠢ | ᠦᠷᠨᠢᠬᠦᠯᠦᠨ᠎ᠡ᠃ | ︵ᠳᠦᠷᠪᠡ︶᠂ ᠦᠨᠳᠦᠰᠦᠳᠡᠨ ᠤ ᠳᠦᠷᠦ ᠶᠢᠨ ᠪᠤᠳᠤᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ | ᠪᠠᠶᠢᠴᠠᠭᠠᠯᠳᠠ ᠶᠢ ᠦᠷᠨᠢᠬᠦᠯᠦᠨ᠎ᠡ᠃ | ︵ᠳᠠᠪᠤ︶᠂ ︽ᠦᠨᠳᠦᠰᠦᠳᠡᠨ ᠤ ᠱᠠᠰᠢᠨ ᠰᠤᠷᠳᠠᠬᠤᠨ ᠤ ᠮᠤᠩᠭᠤᠯ ᠬᠡᠯᠡ ᠪᠢᠴᠢᠭ ᠤᠨ ᠳᠦᠷᠦ ᠶᠢᠨ | ᠪᠤᠳᠤᠯᠭ᠎ᠠ ᠬᠠᠤᠯᠢ ᠳᠤᠭᠳᠠᠭᠠᠯ ᠤᠨ ᠱᠠᠩᠨᠠᠯᠳᠤ ᠮᠡᠳᠡᠯᠭᠡ ᠶᠢᠨ ᠤᠷᠤᠯᠳᠤᠭᠠᠨ︾ ᠢ ᠵᠤᠬᠢᠶᠠᠨ ᠪᠠᠶᠢᠭᠤᠯᠤᠨ᠎ᠠ᠃ | ︵ᠵᠢᠷᠭᠤᠭ᠎ᠠ︶᠂ ᠴᠦᠭᠡᠨ ᠳᠤᠭᠠᠳᠤ ᠦᠨᠳᠦᠰᠦᠳᠡᠨ ᠤ ᠶᠠᠳᠠᠭᠤ ᠬᠦᠴᠢᠷᠳᠡᠯᠳᠡᠢ ᠡᠷᠦᠭᠡ ᠶᠢ | ᠰᠤᠷᠪᠤᠯᠵᠢᠯᠡᠨ ᠳᠤᠬᠤᠨᠢᠭᠤᠯᠬᠤ ᠠᠵᠢᠯᠯᠠᠭ᠎ᠠ ᠶᠢ ᠦᠷᠨᠢᠬᠦᠯᠦᠨ᠎ᠡ᠃ | ︵ᠳᠤᠯᠤᠭ᠎ᠠ︶᠂ ︽ᠦᠨᠳᠦᠰᠦᠳᠡᠨ ᠤ ᠪᠦᠯᠬᠦᠮᠳᠡᠯ ᠳᠡᠪᠰᠢᠯᠳᠠ ᠶᠢᠨ ᠰᠤᠷᠭᠠᠨ ᠬᠦᠮᠦᠵᠢᠯ ᠤᠨ | ᠰᠠᠭᠤᠷᠢᠨ ᠭᠠᠵᠠᠷ ᠢ ᠳᠤᠭᠤᠷᠢᠨ ᠦᠵᠡᠬᠦ︾ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ | ︵ᠨᠠᠢᠮᠠ︶᠂ ᠰᠢᠭᠤᠶᠢᠳᠤ ᠳᠤᠭᠤᠷᠢᠭ ᠤᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠳᠤ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠰᠤᠷᠳᠠᠯᠴᠢᠯᠠᠨ ᠤᠬᠠᠭᠤᠯᠬᠤ ᠰᠤᠷᠭᠠᠨ ᠬᠦᠮᠦᠵᠢᠬᠦᠯᠬᠦ ᠠᠵᠢᠯᠯᠠᠭ᠎ᠠ ᠶᠢ | ᠵᠤᠬᠢᠶᠠᠨ ᠪᠠᠶᠢᠭᠤᠯᠤᠨ᠎ᠠ᠃ | ︵ᠶᠢᠰᠦ︶᠂ ᠳᠤᠭᠤᠷᠢᠭ ᠤᠨ ᠷᠠᠳᠢᠤ᠋ ᠲᠧᠯᠸᠢᠰ ᠬᠤᠷᠢᠶ᠎ᠠ᠂ ᠸᠢᠴᠠᠲ ᠵᠡᠷᠭᠡ ᠳᠠᠪᠴᠡᠩ ᠢ ᠠᠰᠢᠭᠯᠠᠵᠦ | ᠮᠡᠳᠡᠯᠭᠡ ᠶᠢᠨ ᠠᠰᠠᠭᠤᠯᠳᠠ ᠬᠠᠷᠢᠭᠤᠯᠳᠠ ᠶᠢᠨ ᠳᠤᠰᠬᠠᠢ ᠰᠡᠳᠤᠪᠳᠤ ᠪᠦᠯᠦᠭ ᠢ ᠭᠠᠷᠭᠠᠵᠦ ᠤᠬᠠᠭᠤᠯᠭ᠎ᠠ | ᠰᠤᠷᠪᠤᠯᠵᠢᠯᠠᠭ᠎ᠠ ᠶᠢ ᠵᠤᠬᠢᠶᠠᠨ ᠪᠠᠶᠢᠭᠤᠯᠤᠨ᠎ᠠ᠃ | ᠳᠦᠷᠪᠡ᠂ ᠠᠵᠢᠯᠯᠠᠭᠠᠨ ᠤ ᠱᠠᠭᠠᠷᠳᠠᠯᠭ᠎ᠠ | ︵ᠨᠢᠭᠡ︶᠂ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠤᠳᠤᠷᠢᠳᠤᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠳᠡᠢ᠃ | ︵ᠬᠤᠶᠠᠷ︶᠂ ᠪᠤᠳᠠᠳᠤ ᠪᠠᠶᠢᠳᠠᠯ ᠲᠠᠢ ᠤᠶᠠᠯᠳᠤᠭᠤᠯᠵᠦ᠂ ᠡᠷᠬᠡᠪᠰᠢ ᠪᠤᠳᠠᠳᠤ ᠦᠷ᠎ᠡ ᠪᠦᠳᠦᠮᠵᠢ ᠤᠯᠬᠤ | ᠬᠡᠷᠡᠭᠳᠡᠢ᠃ | ︵ᠭᠤᠷᠪᠠ︶᠂ ᠤᠬᠠᠭᠤᠯᠭ᠎ᠠ ᠶᠢᠨ ᠠᠷᠭ᠎ᠠ ᠮᠠᠶ᠋ᠢᠭ ᠤᠨ ᠳᠠᠯ᠎ᠠ ᠪᠠᠷ ᠰᠢᠨ᠎ᠡ ᠶᠢ ᠡᠬᠦᠳᠴᠦ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠬᠤ ᠬᠡᠷᠡᠭᠳᠡᠢ᠃ | | |