ᠰᠢᠭᠤᠶᠢᠳᠤ ᠳᠤᠭᠤᠷᠢᠭ ᠤᠨ ᠪᠠᠳᠺᠠᠷ ᠰᠦᠮ᠎ᠡ ᠪᠠᠯᠭᠠᠰᠦ ᠭᠤᠷᠪᠠᠳᠤᠭᠠᠷ ᠬᠤᠭᠤᠴᠠᠭᠠᠨ ᠤ ᠳᠦᠷᠪᠡᠳᠦᠭᠡᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-23
       4 ᠰᠠᠷ᠎ᠠ ᠶᠢᠨ 18  ᠤ ᠡᠳᠤᠷ᠂ ᠰᠢᠭᠤᠶᠢᠳᠤ ᠳᠤᠭᠤᠷᠢᠭ ᠤᠨ ᠪᠠᠳᠺᠠᠷ ᠰᠦᠮ᠎ᠡ ᠪᠠᠯᠭᠠᠰᠦ ᠭᠤᠷᠪᠠᠳᠤᠭᠠᠷ ᠬᠤᠭᠤᠴᠠᠭᠠᠨ ᠤ ᠳᠦᠷᠪᠡᠳᠦᠭᠡᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ 2019 ᠤᠨ ᠤ ᠤᠨ ᠤ ᠬᠤᠷᠠᠯ ᠤᠨ ᠡᠯ᠎ᠡ ᠵᠤᠶᠢᠯ ᠤᠨ ᠵᠦᠪᠯᠡᠬᠦ ᠵᠤᠶᠢᠯ ᠢᠶᠠᠨ ᠳᠠᠭᠤᠰᠬᠠᠭᠠᠳ ᠢᠯᠠᠯᠳᠠ ᠲᠠᠢ ᠳᠡᠬᠦᠰᠪᠡ᠃ ᠬᠤᠷᠠᠯᠳᠤᠭᠠᠨ ᠳᠤ ᠪᠠᠯᠭᠠᠰᠤᠨ ᠤ ᠨᠠᠮ ᠤᠨ ᠬᠤᠷᠢᠶᠠᠨ ᠤ ︽ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠵᠦ᠂ ᠠᠵᠦ ᠤᠶᠢᠯᠡᠰ ᠬᠦᠭᠵᠢᠭᠰᠡᠨ᠂ ᠤᠷᠤᠰᠢᠨ ᠰᠠᠭᠤᠬᠤ ᠳᠤ ᠳᠤᠬᠢᠷᠠᠮᠵᠢᠳᠠᠢ ᠦᠵᠡᠰᠬᠦᠯᠡᠩᠳᠤ ᠰᠠᠶᠢᠬᠠᠨ᠂ ᠡᠶ᠎ᠡ ᠵᠤᠬᠢᠴᠠᠩᠭᠤᠢ ᠵᠤᠯ ᠵᠢᠷᠭᠠᠯᠠᠩᠳᠤ ᠪᠠᠳᠺᠠᠷ ᠰᠦᠮ᠎ᠡ ᠪᠠᠯᠭᠠᠰᠦ ᠶᠢ ᠪᠦᠳᠦᠭᠡᠨ ᠪᠠᠶᠢᠭᠤᠯᠬᠤ ᠶᠢᠨ ᠳᠦᠯᠦᠭᠡ ᠴᠢᠷᠮᠠᠶᠢᠨ ᠳᠡᠮᠡᠴᠡᠵᠡᠭᠡᠶ᠎ᠡ︾ ᠭᠡᠰᠡᠨ ᠠᠵᠢᠯ ᠤᠨ ᠢᠯᠡᠳᠭᠡᠯ ᠬᠢᠭᠡᠳ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ︽ᠤᠷᠳᠤ ᠬᠤᠭᠤᠴᠠᠭ᠎ᠠ ᠪᠠᠷ ᠬᠡᠪ ᠰᠤᠷᠳᠠᠯ ᠢ ᠴᠡᠭᠴᠡᠯᠡᠨ ᠰᠠᠬᠢᠯᠭ᠎ᠠ ᠪᠠᠳᠤ ᠶᠢ ᠴᠢᠩᠳᠠᠯᠠᠵᠦ᠂ ᠪᠠᠳᠺᠠᠷ ᠰᠦᠮ᠎ᠡ ᠪᠠᠯᠭᠠᠰᠦ ᠶᠢ ᠪᠦᠳᠦᠭᠡᠨ ᠪᠠᠶᠢᠭᠤᠯᠬᠤ ᠳᠤ ᠡᠷᠡᠰ ᠴᠢᠩᠭ᠎ᠠ ᠪᠠᠳᠤᠯᠠᠭ᠎ᠠ ᠬᠠᠩᠭᠠᠬᠤ︾ ᠠᠵᠢᠯ ᠤᠨ ᠮᠡᠳᠡᠬᠦᠯᠦᠯᠳᠠ ᠶᠢ ᠰᠤᠨᠤᠰᠴᠦ ᠬᠢᠨᠠᠨ ᠶᠠᠷᠢᠯᠴᠠᠪᠠ᠃ 54 ᠨᠡᠷᠡᠰ ᠳᠦᠯᠦᠭᠡᠯᠡᠭᠴᠢᠳ ᠪᠠ ᠳᠤᠷᠤᠭᠴᠢ ᠳᠤᠮᠢᠯᠠᠭᠰᠠᠨ ᠨᠢᠭᠡᠳᠤᠭᠡᠷ ᠱᠦᠵᠢ ᠪᠠᠯᠭᠠᠰᠦ᠂ ᠭᠠᠴᠠᠭ᠎ᠠ ᠬᠤᠶᠠᠷ ᠱᠠᠳᠤᠨ ᠤ ᠬᠤᠯᠪᠤᠭᠳᠡᠯ ᠪᠦᠬᠦᠢ ᠬᠠᠷᠢᠭᠤᠴᠠᠯᠭᠠᠳᠡᠨ ᠬᠤᠷᠠᠯ ᠳᠤ ᠰᠤᠯᠠ ᠤᠷᠤᠯᠴᠠᠪᠠ
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号