ᠳᠤᠭᠤᠷᠢᠭ ᠤᠨ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠨᠠᠮ ᠤᠨ ᠡᠬᠦᠷ ᠠᠴᠠ ᠨᠠᠮ ᠤᠨ ᠬᠡᠰᠢᠬᠦᠳ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-24
      ᠤᠶᠢᠷ᠎ᠠ ᠶᠢᠨ ᠡᠳᠤᠷ᠂ ᠳᠤᠭᠤᠷᠢᠭ ᠤᠨ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠨᠠᠮ ᠤᠨ ᠡᠬᠦᠷ ᠠᠴᠠ ᠨᠠᠮ ᠤᠨ ᠬᠡᠰᠢᠬᠦᠳ ᠤᠨ ᠬᠤᠷᠠᠯ ᠢ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠨᠠᠮ ᠤᠨ ᠡᠬᠦᠷ ᠤᠨ ᠱᠦᠵᠢ ᠸᠠᠩ  ᠶᠢᠨ ᠯᠦᠩ ᠵᠢᠴᠢ ᠳᠤᠭᠤᠷᠢᠭ ᠤᠨ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠨᠠᠮ ᠤᠨ ᠡᠬᠦᠷ ᠤᠨ ᠪᠦᠬᠦ ᠪᠦᠷᠢᠯᠳᠦᠬᠦᠨ ᠬᠤᠷᠠᠯ ᠳᠤ ᠤᠷᠤᠯᠴᠠᠪᠠ᠃
       ᠬᠤᠷᠠᠯᠳᠤᠭᠠᠨ ᠨᠢ ᠨᠢᠭᠤᠴᠠ ᠰᠤᠩᠭᠤᠭᠤᠯᠢ ᠶᠢᠨ ᠬᠡᠯᠪᠡᠷᠢ ᠪᠠᠷ ᠰᠢᠨ᠎ᠡ ᠨᠢᠭᠡ ᠬᠤᠭᠤᠴᠠᠭᠠᠨ ᠤ ᠨᠠᠮ ᠤᠨ ᠡᠬᠦᠷ ᠤᠨ ᠱᠦᠵᠢ ᠪᠠ ᠬᠡᠰᠢᠬᠦᠨ ᠢ ᠰᠤᠩᠭᠤᠨ ᠭᠠᠷᠭᠠᠬᠤ ᠶᠢᠨ ᠬᠠᠮᠳᠤ ᠪᠦᠬᠦ ᠨᠠᠮ ᠤᠨ ᠬᠡᠰᠢᠬᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠤᠭ ᠰᠠᠨᠠᠭ᠎ᠠ ᠪᠠᠨ ᠦᠯᠦ ᠮᠠᠷᠳᠠᠵᠦ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠦ᠂ ᠨᠠᠮ ᠤᠨ ᠡᠬᠦᠷ ᠤᠨ ᠳᠠᠶᠢᠴᠢᠨ ᠪᠠᠬᠢᠯᠡᠯᠳᠠ ᠶᠢᠨ ᠤᠶᠢᠯᠡᠳᠤᠯ ᠢ ᠪᠠᠳᠠᠷᠠᠭᠤᠯᠵᠦ᠂ ᠳᠡᠭᠡᠳᠤ ᠱᠠᠳᠤᠨ ᠠᠴᠠ ᠳᠤᠰᠢᠶᠠᠭᠰᠠᠨ ᠡᠯ᠎ᠡ ᠵᠤᠶᠢᠯ ᠤᠨ ᠠᠵᠢᠯ ᠢ ᠳᠡᠬᠦᠰ ᠠᠮᠵᠢᠯᠳᠠ ᠲᠠᠢ ᠪᠡᠶᠡᠯᠡᠬᠦᠯᠦᠨ᠎ᠡ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号