ᠰᠢᠭᠤᠶᠢᠳᠤ ᠳᠤᠭᠤᠷᠢᠭ ᠶᠡᠷᠦᠩᠭᠡᠢ ᠱᠦᠵᠢ ᠰᠢ ᠶᠢᠨ ᠫᠢᠩ ᠤᠨ 2019 ᠤᠨ ᠤ ᠪᠦᠬᠦ ᠤᠯᠤᠰ ᠤᠨ ︽ᠬᠤᠶᠠᠷ ᠬᠤᠷᠠᠯ︾ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠬᠠᠭᠤᠯᠤᠨ ᠳᠠᠶᠢᠯᠪᠤᠷᠢᠯᠠᠬᠤ ᠠᠵᠢᠯ ᠢ ᠦᠷᠨᠢᠬᠦᠯᠪᠡ
ᠨᠡᠶᠢᠲᠡᠯᠡᠭᠰᠡᠨ ᠴᠠᠭ᠄
2019-04-26
       ᠤᠶᠢᠷ᠎ᠠ ᠶᠢᠨ ᠡᠳᠤᠷ᠂ ᠰᠢᠭᠤᠶᠢᠳᠤ ᠳᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ 10 ᠳ᠋ᠤᠭᠠᠷ ᠤᠳᠠᠭᠠᠨ ᠤ ᠰᠤᠷᠤᠯᠴᠠᠬᠤ ᠬᠤᠷᠠᠯ ᠢ ᠡᠷᠬᠢᠯᠡᠵᠦ᠂ ᠪᠤᠭᠤᠳᠤ ᠶᠢᠨ ᠬᠦᠩᠭᠡᠨ ᠠᠵᠦ ᠤᠶᠢᠯᠡᠳᠪᠤᠷᠢ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠱᠤᠤ ᠸᠧᠨ ᠰᠢᠶᠠᠩ ᠢ ᠤᠷᠢᠵᠦ᠂ ᠶᠡᠷᠦᠩᠭᠡᠢ ᠱᠦᠵᠢ ᠰᠢ ᠶᠢᠨ ᠫᠢᠩ ᠤᠨ 2019 ᠤᠨ ᠤ ᠪᠦᠬᠦ ᠤᠯᠤᠰ ᠤᠨ ︽ᠬᠤᠶᠠᠷ ᠬᠤᠷᠠᠯ︾ ᠤᠨ ᠴᠢᠬᠤᠯᠠ ᠶᠠᠷᠢᠶᠠᠨ ᠤ ᠵᠤᠷᠢᠭ ᠰᠠᠨᠠᠭᠠᠨ ᠤ ᠳᠤᠬᠠᠢ ᠳᠠᠶᠢᠯᠪᠤᠷᠢᠯᠠᠪᠠ᠃         ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ ᠬᠤᠷᠠᠯ ᠢ ᠡᠷᠬᠢᠯᠡᠪᠡ᠃ ᠳᠤᠭᠤᠷᠢᠭ ᠤᠨ ᠰᠢᠶᠠᠨ ᠤ ᠱᠠᠳᠤᠨ ᠤ ᠤᠳᠤᠷᠢᠳᠤᠯᠭ᠎ᠠ᠂ ᠰᠠᠯᠠᠭᠠᠨ ᠤ ᠳᠡᠰ ᠤᠨ ᠺᠠᠳᠡᠷ᠂ ᠡᠯ᠎ᠡ ᠭᠠᠴᠠᠭ᠎ᠠ ︵ᠳᠤᠰᠬᠤᠨ︶ ᠶᠢᠨ ᠱᠦᠵᠢ᠂ ᠨᠡᠶᠢᠭᠡᠮ ᠳᠤᠭᠤᠷᠢᠭ ᠤᠨ ᠱᠦᠵᠢ᠂ ᠡᠯ᠎ᠡ ᠠᠵᠦ ᠠᠬᠤᠶᠢᠯᠠᠯ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
       ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ ᠦᠪᠤᠷ ᠮᠤᠩᠭᠤᠯ ᠤᠨ ᠳᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠡ ᠳᠤ ᠳᠤᠷᠠᠳᠤᠭᠰᠠᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠦ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠵᠦ᠂ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠵᠦ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠦ᠂ ᠡᠬᠡ ᠤᠯᠤᠰ ᠤᠨ ᠤᠮᠠᠷᠠᠳᠤ ᠶᠢᠨ ᠡᠨᠡᠬᠦ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠰᠠᠶᠢᠳᠤᠷ ᠰᠠᠬᠢᠨ ᠬᠠᠮᠠᠭᠠᠯᠠᠨ᠎ᠠ᠃ ᠶᠡᠷᠦᠩᠭᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯ ᠠᠮᠢ ᠠᠬᠤᠢ ᠶᠢᠨ ᠪᠠᠶᠢᠭᠤᠯᠤᠯᠳᠠ ᠪᠠ ᠤᠷᠴᠢᠨ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠬᠤ ᠠᠵᠢᠯᠯᠠᠭᠠᠨ ᠤ ᠵᠦᠭᠯᠡᠬᠦᠷ ᠪᠤᠯᠬᠤ ᠶᠢ ᠵᠢᠭᠠᠨ ᠭᠠᠷᠭᠠᠪᠠ᠃        ᠬᠤᠷᠠᠯ ᠠᠴᠠ ᠳᠤᠭᠤᠷᠢᠭ ᠤᠨ ᠦᠷᠭᠡᠨ ᠤᠯᠠᠨ ᠺᠠᠳᠡᠷ ᠠᠵᠢᠯᠴᠢᠨ ᠠᠵᠦ ᠠᠬᠤᠶᠢᠯᠠᠯᠳᠠᠨ᠂ ᠳᠤᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠢᠶᠠᠷ ᠰᠢᠨ᠎ᠡ ᠡᠬᠢᠯᠡᠯᠳᠡ ᠪᠤᠯᠭᠠᠵᠦ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠦᠷᠬᠦᠯᠵᠢᠯᠡᠨ ᠬᠦᠨᠵᠡᠬᠡᠢ ᠰᠤᠷᠤᠯᠴᠠᠨ ᠤᠶᠢᠯᠠᠭᠠᠵᠦ᠂ ︽ᠳᠦᠷᠪᠡᠨ ᠤᠬᠠᠮᠰᠡᠷ︾ ᠢ ᠤᠯᠠᠮ ᠨᠢᠭᠡ ᠠᠯᠬᠤᠮ ᠴᠢᠩᠭᠠᠳᠬᠠᠵᠦ᠂ ︽ᠳᠦᠷᠪᠡᠨ ᠢᠳᠡᠭᠡᠯ︾ ᠢᠶᠠᠨ ᠪᠠᠳᠤᠳᠬᠠᠵᠦ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠦ᠂ ᠰᠢᠭᠤᠶᠢᠳᠤ ᠳᠤᠭᠤᠷᠢᠭ ᠤᠨ ︽ᠠᠮᠢ ᠠᠬᠤᠢ ᠶᠢᠨ ᠰᠤᠶᠤᠯ ᠵᠤᠭᠠᠴᠠᠯ ᠤᠨ ᠤᠷᠤᠨ ᠢ ᠪᠠᠶᠢᠭᠤᠯᠬᠤ︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠳᠦᠯᠬᠢᠨ ᠠᠬᠢᠭᠤᠯᠬᠤ ᠶᠢᠨ ᠳᠦᠯᠦᠭᠡ᠂ ᠪᠦᠬᠦ ᠤᠷᠤᠨ ᠤ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号