4 ᠰᠠᠷ᠎ᠠ ᠶᠢᠨ 3 ᠤ ᠡᠳᠤᠷ᠂ ᠰᠢᠭᠤᠶᠢᠳᠤ ᠳᠤᠭᠤᠷᠢᠭ ᠠᠷᠠᠳ ᠤᠨ ᠳᠦᠯᠦᠭᠡᠯᠡᠭᠴᠢᠳ ᠤᠨ ᠶᠡᠭᠡ | ᠬᠤᠷᠠᠯ ᠤᠨ ᠳᠦᠯᠦᠭᠡᠯᠡᠭᠴᠢ ᠪᠠ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯᠳᠡᠳ ᠡᠬᠦᠷᠭᠡ | ᠳᠤᠰᠢᠶᠠᠯ ᠢᠶᠠᠨ ᠬᠦᠢᠴᠡᠳᠭᠡᠬᠦ ᠴᠢᠳᠠᠪᠤᠷᠢ ᠶᠢ ᠳᠡᠭᠡᠭᠰᠢᠯᠡᠬᠦᠯᠬᠦ ᠪᠤᠯᠪᠠᠰᠤᠷᠠᠯ ᠡᠷᠬᠢᠯᠡᠪᠡ᠃ ᠳᠤᠭᠤᠷᠢᠭ ᠤᠨ | ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠧᠢ ᠴᠢᠶᠠᠩ᠂ | ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠷᠠᠳ ᠤᠨ ᠵᠡᠪᠰᠡᠭᠳᠤ ᠬᠦᠴᠦᠨ ᠤ ᠬᠡᠯᠳᠡᠰ ᠤᠨ | ᠤᠯᠤᠰ ᠳᠦᠷᠦ ᠶᠢᠨ ᠬᠡᠰᠢᠬᠦᠨ ᠵᠤᠤ ᠢ ᠮᠢᠨ᠂ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠤ ᠶᠦᠩ ᠠᠢ᠂ ᠶᠦᠸᠧ ᠵᠢᠶᠠᠨ ᠪᠢᠨ᠂ ᠯᠢ ᠹᠧᠩ | ᠮᠢᠩ᠂ ᠯᠢ ᠴᠢᠩ ᠵᠦᠩ ᠪᠤᠯᠪᠠᠰᠤᠷᠠᠭᠤᠯᠤᠯ ᠤᠨ ᠬᠤᠷᠠᠯ ᠳᠤ ᠤᠷᠤᠯᠴᠠᠪᠠ᠃ | | | | | | ᠬᠤᠷᠠᠯ ᠠᠴᠠ᠂ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ | ᠳᠦᠯᠦᠭᠡᠯᠡᠭᠴᠢ ᠠᠴᠠ ᠦᠵᠡᠯ ᠳᠠᠨᠢᠯᠳᠠ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠤᠯᠤᠰ ᠳᠦᠷᠦ ᠶᠢᠨ | ᠵᠤᠭᠰᠤᠴᠠ ᠪᠠᠨ ᠳᠡᠭᠡᠭᠰᠢᠯᠡᠬᠦᠯᠵᠦ᠂ ᠤᠯᠤᠰ ᠳᠦᠷᠦ ᠶᠢᠨ ᠤᠬᠠᠮᠰᠡᠷ ᠢᠶᠠᠨ ᠴᠢᠩᠭᠠᠳᠬᠠᠬᠤ ᠳᠠᠯ᠎ᠠ ᠪᠠᠨ ᠦᠯᠢᠭᠡᠷ | ᠳᠠᠭᠤᠷᠢᠶᠠᠯ ᠦᠵᠡᠬᠦᠯᠵᠦ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢ ᠶᠢᠨ ᠭᠠᠵᠠᠷ | ᠤᠷᠤᠨ ᠤ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠳᠠᠢ ᠬᠦᠭᠵᠢᠬᠦ ᠶᠠᠪᠤᠴᠠ ᠳᠠᠬᠢ ᠳᠡᠤᠬᠡᠨ ᠬᠤᠪᠢᠰᠬᠠᠯ ᠳᠤ | ᠪᠦᠳᠦᠮᠵᠢᠳᠠᠢ ᠬᠠᠷᠢᠭᠤᠴᠠᠯᠭ᠎ᠠ ᠡᠬᠦᠷᠭᠡᠯᠡᠵᠦ᠂ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠳᠤ | ᠪᠠᠶᠢᠪᠠᠰᠤ ᠵᠤᠬᠢᠬᠤ ᠬᠦᠴᠦᠨ ᠴᠢᠳᠠᠯ ᠢᠶᠠᠨ ᠡᠷᠬᠦᠬᠦ ᠶᠢ ᠴᠢᠬᠤᠯᠠᠴᠢᠯᠠᠪᠠ᠃ | ᠪᠤᠯᠪᠠᠰᠤᠷᠠᠯ ᠢᠶᠠᠷ ᠳᠠᠮᠵᠢᠨ᠂ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ | ᠳᠦᠯᠦᠭᠡᠯᠡᠭᠴᠢ ᠤᠨᠤᠯ ᠤᠨ ᠬᠢᠷᠢ ᠬᠡᠮᠵᠢᠶ᠎ᠡ ᠪᠠ ᠳᠤᠬᠠᠶᠢᠯᠠᠭᠰᠠᠨ ᠠᠵᠢᠯ ᠤᠨ ᠮᠡᠳᠡᠯᠭᠡ ᠪᠠᠨ ᠤᠯᠠᠮ ᠨᠢᠭᠡ ᠠᠯᠬᠤᠮ | ᠳᠡᠭᠡᠭᠰᠢᠯᠡᠬᠦᠯᠵᠦ᠂ ᠦᠪᠡᠷ ᠤᠨ ᠡᠷᠬᠡ ᠡᠬᠦᠷᠭᠡ ᠪᠠ ᠤᠶᠢᠯᠡᠳᠤᠯ ᠢᠶᠠᠨ ᠪᠠᠳᠠᠷᠠᠭᠤᠯᠬᠤ ᠠᠷᠭ᠎ᠠ ᠬᠡᠯᠪᠡᠷᠢ ᠪᠠᠨ | ᠳᠤᠳᠤᠷᠬᠠᠢ ᠮᠡᠳᠡᠷᠡᠵᠦ᠂ ᠳᠦᠯᠦᠭᠡᠯᠡᠭᠴᠢ ᠶᠢᠨ ᠡᠬᠦᠷᠭᠡ ᠳᠤᠰᠢᠶᠠᠯ ᠢᠶᠠᠨ ᠬᠦᠢᠴᠡᠳᠭᠡᠬᠦ ᠬᠠᠯᠠᠭᠤᠨ ᠰᠡᠳᠬᠢᠯᠭᠡ ᠶᠢ | ᠬᠦᠭᠵᠢᠭᠡᠵᠦ᠂ ᠳᠦᠯᠦᠭᠡᠯᠡᠭᠴᠢ ᠠᠴᠠ ᠠᠵᠢᠯ ᠢᠶᠠᠨ ᠰᠠᠶᠢᠳᠤᠷ ᠪᠠᠶᠡᠯᠡᠬᠦᠯᠬᠦ ᠳᠤ ᠢᠳᠡᠪᠬᠢᠳᠤ ᠤᠶᠢᠯᠡᠳᠤᠯ | ᠦᠵᠡᠬᠦᠯᠦᠭᠰᠡᠨ ᠪᠠᠶᠢᠨ᠎ᠠ᠃ | | |