ᠤᠶᠢᠷ᠎ᠠ ᠳᠤ᠂ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ ᠬᠡᠷᠡᠭ | ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠠᠩᠬᠠᠳᠠᠭᠴᠢ ᠬᠤᠷᠠᠯᠳᠤᠭᠠᠨ ᠢ ᠬᠤᠷᠠᠯᠳᠤᠭᠤᠯᠵᠦ᠂ ᠪᠦᠬᠦ | ᠤᠷᠤᠨ ᠤ ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ ᠤᠶᠢᠯᠡᠴᠢᠯᠡᠭᠡ ᠪᠠᠳᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠳᠠ ᠶᠢ ᠳᠦᠯᠬᠢᠨ ᠠᠬᠢᠭᠤᠯᠪᠠ᠃ | | | | | ᠬᠤᠷᠠᠯᠳᠤᠭᠠᠨ ᠳᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠠᠰᠠᠭ ᠤᠨ ᠤᠷᠳᠤᠨ ᠤ | ᠪᠠᠶᠢᠩᠭᠤ ᠶᠢᠨ ᠳᠡᠳ᠋ ᠳᠠᠷᠤᠭ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ ᠬᠡᠷᠡᠭ ᠶᠠᠪᠤᠳᠠᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᡁᠢ ᠠᠴᠠ ᠶᠡᠷᠦᠩᠭᠡᠢ ᠱᠦᠵᠢ ᠰᠢ ᠶᠢᠨ ᠫᠢᠩ ᠤᠨ ᠴᠡᠷᠢᠭ ᠤᠨ | ᠠᠯᠪᠠᠨ ᠠᠴᠠ ᠬᠠᠯᠠᠭᠳᠠᠭᠰᠡᠳ ᠤᠨ ᠠᠵᠢᠯ ᠤᠨ ᠳᠤᠬᠠᠢ ᠴᠤᠬᠤᠯᠠᠪᠤᠷᠢ ᠪᠠ ᠦᠪᠡᠷᠳᠡᠭᠡᠨ ᠵᠠᠰᠠᠬᠤ ᠤᠷᠤᠨ᠂ ᠪᠤᠭᠤᠳᠤ | ᠬᠤᠳᠠ ᠶᠢᠨ ᠭᠤᠤᠯ ᠤᠳᠤᠷᠢᠳᠤᠯᠭ᠎ᠠ ᠶᠢᠨ ᠬᠤᠯᠪᠤᠭᠳᠠᠯ ᠪᠦᠬᠦᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ | ᠳᠠᠷᠬᠠᠭᠠᠵᠦ᠂ ᠰᠢᠭᠤᠶᠢᠳᠤ ᠳᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ | ᠬᠡᠷᠡᠭ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠦᠷᠢᠮ᠂ ᠠᠯᠪᠠᠨ ᠭᠡᠷ ᠤᠨ ᠠᠵᠢᠯ ᠤᠨ ᠨᠠᠷᠢᠨ | ᠳᠦᠷᠢᠮ ᠪᠠ 2019 ᠤᠨ ᠤ ᠠᠵᠢᠯ ᠤᠨ ᠭᠤᠤᠯᠳᠠᠯᠭ᠎ᠠ᠂ ᠪᠦᠬᠦ ᠤᠷᠤᠨ ᠤ ᠴᠡᠷᠢᠭ ᠤᠨ ᠠᠯᠪᠠᠨ ᠠᠴᠠ | ᠬᠠᠯᠠᠭᠳᠠᠭᠰᠡᠳ ᠤᠨ ᠤᠶᠢᠯᠡᠴᠢᠯᠡᠭᠡ ᠪᠠᠳᠤᠯᠠᠭ᠎ᠠ ᠶᠢᠨ ᠰᠢᠰᠲ᠋ᠧᠮ ᠤᠨ ᠪᠠᠶᠢᠭᠤᠯᠤᠯᠳᠠ ᠶᠢᠨ ᠪᠠᠶᠢᠳᠠᠯ ᠢ ᠰᠤᠨᠤᠰᠴᠦ | ᠬᠢᠨᠠᠨ ᠵᠦᠪᠯᠡᠪᠡ᠃ | ᠬᠤᠷᠠᠯ ᠳᠤ ᠤᠶᠢᠯᠡᠴᠢᠯᠡᠭᠡᠨ ᠤ ᠪᠠᠶᠢᠭᠤᠯᠤᠮᠵᠢ ᠶᠢ ᠨᠡᠶᠢᠳᠡᠮ ᠬᠠᠮᠤᠷᠬᠤ ᠶᠢ ᠳᠦᠯᠬᠢᠨ ᠠᠬᠢᠭᠤᠯᠵᠦ᠂ | ᠡᠬᠦᠷᠭᠡ ᠬᠠᠷᠢᠭᠤᠴᠠᠯᠭ᠎ᠠ ᠪᠠᠨ ᠳᠤᠳᠤᠷᠬᠠᠶᠢᠯᠠᠵᠦ ᠬᠦᠳᠡᠯᠤᠯᠴᠡᠬᠦ ᠳᠤᠭᠳᠠᠴᠠ ᠶᠢ ᠪᠠᠶᠢᠭᠤᠯᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠬᠢᠵᠦ᠂ ᠦᠷᠭᠡᠨ ᠤᠯᠠᠨ ᠠᠯᠪᠠᠨ ᠠᠴᠠ ᠬᠠᠯᠠᠭᠳᠠᠭᠰᠡᠳ ᠴᠡᠷᠢᠭ ᠢ | ᠵᠢᠯᠤᠭᠤᠳᠤᠨ ᠤᠬᠠᠮᠰᠡᠷ ᠠᠴᠠ ᠪᠠᠨ ᠦᠭᠡᠷᠡᠴᠢᠯᠡᠯᠳᠠ ᠬᠦᠭᠵᠢᠯᠳᠡ ᠳᠤᠭᠳᠠᠭᠤᠨ ᠳᠤ ᠤᠶᠢᠯᠡᠴᠢᠯᠡᠬᠦ ᠬᠦᠳᠡᠯᠭᠡᠨᠳᠤ | ᠬᠦᠴᠦᠨ ᠪᠤᠯᠭᠠᠨ᠎ᠠ᠃ ᠡᠯ᠎ᠡ ᠬᠠᠮᠢᠶ᠎ᠡ ᠪᠦᠬᠦᠢ ᠰᠠᠯᠠᠭ᠎ᠠ ᠮᠦᠴᠢᠷ ᠳᠦᠷᠢᠮ ᠢ ᠤᠯᠠᠮ ᠨᠢᠭᠡ ᠠᠯᠬᠤᠮ | ᠳᠡᠬᠦᠯᠳᠡᠷᠵᠢᠬᠦᠯᠦᠨ ᠤᠶᠢᠯᠡᠴᠢᠯᠡᠭᠡ ᠶᠢ ᠡᠷᠴᠢᠮᠵᠢᠬᠦᠯᠵᠦ᠂ ᠴᠡᠷᠢᠭ ᠢ ᠬᠦᠷᠢᠶᠡᠯᠡᠬᠦ ᠳᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠠᠯᠪᠠᠨ ᠠᠴᠠ ᠬᠠᠯᠠᠭᠳᠠᠭᠰᠡᠳ ᠴᠡᠷᠢᠭ ᠤᠨ ᠬᠠᠤᠯᠢ ᠶᠤᠰᠤᠨ ᠤ ᠡᠷᠭᠡ ᠠᠰᠢᠭ ᠢ ᠦᠨᠡᠨ ᠬᠦ | ᠬᠠᠮᠠᠭᠠᠯᠠᠵᠦ ᠡᠬᠦᠨ ᠢᠶᠠᠷ ᠴᠡᠷᠢᠭ ᠤᠨ ᠰᠡᠳᠬᠢᠯ ᠢ ᠳᠤᠭᠳᠠᠪᠤᠷᠢᠵᠢᠭᠤᠯᠵᠦ ᠡᠶ᠎ᠡ ᠵᠤᠬᠢᠴᠠᠯ ᠢ ᠠᠬᠢᠭᠤᠯᠵᠦ᠂ ᠮᠠᠨ ᠤ | ᠤᠷᠤᠨ ᠤ ᠴᠡᠷᠢᠭ ᠤᠨ ᠠᠯᠪᠠᠨ ᠠᠴᠠ ᠬᠠᠯᠠᠭᠳᠠᠭᠰᠡᠳ ᠤᠨ ᠤᠶᠢᠯᠡᠴᠢᠯᠡᠭᠡ ᠪᠠᠳᠤᠯᠠᠭ᠎ᠠ ᠶᠢᠨ ᠠᠵᠢᠯ ᠤᠨ ᠰᠢᠨ᠎ᠡ | ᠪᠠᠶᠢᠳᠠᠯ ᠢ ᠪᠤᠢ ᠪᠤᠯᠭᠠᠬᠤ ᠶᠢ ᠴᠢᠬᠤᠯᠠᠴᠢᠯᠠᠪᠠ᠃ | | |