60 ᠭᠠᠷᠤᠭᠰᠠᠠ ᠨᠠᠰᠤᠳᠠᠶᠢᠴᠤᠳ ᠤᠨ ᠪᠡᠶ᠎ᠠ ᠪᠤᠯᠪᠠᠰᠤᠷᠠᠬᠤ ᠳᠤᠰᠬᠠᠢ ᠠᠷᠪᠠᠠ ᠠᠩᠬᠠᠷᠤᠯ
ᠨᠡᠶᠢᠲᠡᠯᠡᠭᠰᠡᠨ ᠴᠠᠭ᠄
2019-05-28
       1᠂ ᠴᠢᠨᠠᠷ ᠰᠠᠶᠢᠳᠠᠢ ᠲᠠᠮᠢᠷ ᠤᠨ ᠱᠠᠬᠠᠶ ᠬᠤᠳᠠᠯᠳᠤᠨ ᠠᠪᠤᠭᠠᠷᠠᠢ᠃ ᠨᠠᠰᠤᠳᠠᠶᠢᠴᠤᠳ ᠬᠥᠳᠡᠯᠭᠡᠭᠡᠨ ᠬᠢᠬᠦ ᠠᠴᠠ ᠪᠠᠨ ᠡᠮᠦᠨ᠎ᠡ ᠠᠯᠬᠤᠬᠤ ᠳᠤ ᠵᠤᠷᠢᠭᠤᠯᠤᠨ ᠬᠢᠭᠰᠡᠨ ᠲᠠᠮᠢᠷ ᠤᠨ ᠱᠠᠬᠠᠢ ᠲᠤᠰᠬᠠᠢᠢᠯᠠᠨ ᠬᠤᠳᠠᠯᠳᠤᠨ ᠠᠪᠤᠪᠠᠯ ᠬᠠᠮᠤᠭ ᠰᠠᠶᠢᠨ ᠶᠤᠮ᠃        2᠂ ᠪᠡᠶ᠎ᠡ ᠪᠠᠨ ᠲᠡᠩᠴᠡᠭᠦᠷᠢᠰᠢᠬᠦᠯᠬᠦ ᠴᠢᠳᠠᠪᠤᠷᠢ ᠪᠠᠨ ᠪᠣᠯᠪᠠᠰᠤᠷᠠᠭᠤᠯᠵᠤ᠂ ᠣᠶᠢᠴᠢᠵᠤ ᠲᠤᠰᠬᠤ ᠠᠴᠠ ᠬᠢᠴᠢᠶᠡᠬᠦ ᠬᠡᠷᠡᠭᠳᠡᠢ᠃ ᠣᠶᠢᠴᠢᠬᠤ ᠲᠤᠰᠬᠤ ᠠᠴᠠ ᠬᠢᠴᠢᠶᠡᠬᠦ ᠬᠠᠮᠤᠭ ᠰᠠᠶᠢᠨ ᠠᠷᠭ᠎ᠠ ᠪᠣᠯ ᠳᠠᠷᠤᠶ ᠲᠡᠩᠴᠡᠭᠦᠷᠢ ᠶᠢᠨ ᠰᠡᠷᠡᠭᠳᠡᠯ ᠰᠠᠶᠢᠳᠠᠢ ᠪᠠᠶᠢᠬᠤ ᠶᠠᠪᠤᠳᠠᠯ ᠪᠣᠯᠤᠨ᠎ᠠ᠃       3᠂ ᠥᠷᠯᠥᠭᠡ ᠶᠢᠨ ᠬᠤᠭᠤᠯᠠ ᠪᠠᠨ ᠰᠠᠶᠢᠨ ᠢᠳᠡᠵᠦ᠂ ᠰᠢᠮ᠎ᠡ ᠲᠡᠵᠢᠭᠡᠯ ᠢ ᠠᠩᠬᠠᠷᠬᠤ ᠬᠡᠷᠡᠭᠳᠡᠢ᠃ ᠰᠢᠨ᠎ᠡ ᠰᠣᠷᠭᠤᠭ ᠵᠢᠮᠢᠰ ᠤᠨ ᠵᠦᠢᠯ ᠢ ᠢᠯᠡᠬᠦᠦ ᠢᠳᠡᠬᠦ ᠪᠤᠶᠤ ᠥᠪᠡᠷ ᠢᠶᠠᠨ ᠨᠣᠭᠤᠭ᠎ᠠ ᠵᠢᠮᠢᠰ ᠤᠨ ᠰᠢᠭᠦᠰᠦ ᠰᠢᠬᠠᠨ ᠤᠤᠭᠤᠵᠤ᠂ ᠸᠢᠲ᠋ᠠᠮᠢᠨ᠂ ᠡᠷᠦᠳᠡᠰᠦ ᠪᠣᠯᠤᠨ ᠢᠳᠡᠭᠡᠨ ᠤ ᠰᠢᠷᠬᠡᠭᠯᠢᠭ ᠤᠨ ᠬᠡᠮᠵᠢᠶ᠎ᠡ ᠪᠠᠨ ᠨᠡᠮᠡᠭᠳᠡᠭᠦᠯᠵᠦ᠂ ᠦᠨᠢᠶᠡᠨ ᠰᠦ᠂ ᠪᠤᠷᠴᠠᠭ ᠤᠨ ᠡᠭᠡᠳᠡᠩ᠂ ᠤᠷᠭᠤᠮᠠᠯ ᠤᠨ ᠰᠦ ᠶᠢᠨ ᠳᠣᠲᠣᠷ᠎ᠠ ᠵᠣᠬᠢᠬᠤ ᠬᠡᠮᠵᠢᠶᠡᠨ ᠤ ᠤᠭᠤᠷᠠᠭ ᠤᠨ ᠨᠤᠨᠲᠠᠭ ᠨᠡᠮᠡᠵᠦ ᠤᠤᠭᠤᠵᠤ ᠪᠣᠯᠤᠨ᠎ᠠ᠃        4᠂ ᠭᠦᠨ ᠰᠡᠳᠬᠢᠬᠦ ᠶᠢ ᠪᠣᠯᠪᠠᠰᠤᠷᠠᠵᠤ᠂ ᠳᠠᠷᠤᠯᠲᠠ ᠪᠠᠨ ᠬᠦᠡᠭᠭᠡᠷᠡᠬᠦᠯᠬᠦ ᠶᠢ ᠰᠤᠷᠬᠤ ᠬᠡᠷᠡᠭᠳᠡᠢ᠃ ᠢᠳᠡᠷ ᠥᠲᠡᠯᠦᠭᠡ ᠨᠠᠰᠤᠨ ᠤ ᠬᠥᠮᠦᠰ ᠬᠡᠲᠦᠷᠡᠲᠡᠯ᠎ᠡ ᠢᠳᠡᠵᠦ ᠤᠤᠭᠤᠬᠤ᠂ ᠲᠠᠮᠠᠬᠢ ᠲᠠᠲᠠᠬᠤ᠂ ᠠᠷᠢᠬᠢ ᠤᠤᠭᠤᠬᠤ ᠵᠡᠷᠭᠡ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠢ ᠡᠳ᠋ᠯᠡᠵᠦ ᠳᠠᠷᠤᠯᠳᠠ ᠪᠠᠨ ᠬᠦᠡᠭᠭᠡᠷᠡᠬᠦᠯᠵᠦ ᠶᠠᠭᠠᠬᠢᠬᠰᠠᠨ ᠴᠦ ᠪᠣᠯᠬᠤ ᠦᠭᠡᠢ᠂ ᠥᠪᠡᠷ ᠤᠨ ᠪᠡᠶ᠎ᠡ ᠳᠡᠭᠡᠨ ᠲᠣᠬᠢᠷᠠᠭᠰᠠᠨ ᠲᠠᠷᠤᠯᠳᠠ ᠪᠠᠨ ᠬᠦᠡᠭᠭᠡᠷᠡᠬᠦᠯᠬᠦ ᠡᠷᠡᠭᠦᠯ ᠮᠡᠨᠳᠦ ᠶᠢᠨ ᠠᠷᠭ᠎ᠠ ᠶᠢ ᠡᠷᠢᠵᠦ ᠣᠯᠬᠤ ᠬᠡᠷᠡᠭᠲᠡᠶ᠃       5᠂ ᠬᠦᠴᠦ ᠲᠠᠮᠢᠷ ᠢᠶᠠᠨ ᠴᠢᠩᠭᠠᠯᠠᠬᠤ ᠪᠣᠯᠪᠠᠰᠤᠷᠠᠯ ᠬᠢᠵᠦ ᠪᠤᠯᠴᠢᠩ ᠰᠢᠷᠪᠤᠰᠦ ᠪᠠᠨ ᠪᠣᠯᠪᠠᠰᠤᠷᠠᠭᠤᠯᠤᠨ ᠴᠢᠩᠭᠠᠷᠠᠭᠤᠯᠬᠤ ᠬᠡᠷᠡᠭᠳᠡᠢ᠃ ᠦᠷᠭᠦᠯᠵᠢ ᠬᠦᠴᠦ ᠲᠠᠮᠢᠷ ᠢᠶᠠᠨ ᠴᠢᠩᠭᠠᠯᠠᠬᠤ ᠪᠣᠯᠪᠠᠰᠤᠷᠠᠯ ᠬᠢᠬᠦ ᠬᠡᠷᠡᠭᠳᠡᠢ᠃ ᠵᠢᠱᠢᠶᠡᠯᠡᠪᠡᠯ ᠪᠡᠶ᠎ᠡ ᠶᠢᠨ ᠬᠦᠨᠳᠦᠴᠡ ᠳᠡᠭᠡᠨ ᠲᠤᠬᠢᠷᠠᠭᠤᠯᠤᠨ ᠡᠷᠭᠦᠭᠦᠯ ᠲᠡᠮᠦᠷ᠂ ᠲᠦᠯᠡᠢ ᠲᠡᠮᠦᠷ ᠡᠷᠬᠦᠬᠦᠯ ︵ᠶᠠᠯᠢᠩ ︶ ᠪᠤᠯᠪᠠᠰᠤᠷᠠᠯ ᠤᠨ ᠬᠠᠮ ᠪᠠᠭᠠᠵᠢ ᠪᠠᠷ ᠬᠦᠴᠦ ᠲᠠᠮᠢᠷ ᠢᠶᠠᠨ ᠪᠤᠯᠪᠠᠰᠤᠷᠠᠭᠤᠯᠪᠡᠯ ᠪᠤᠯᠴᠢᠩ ᠰᠢᠷᠪᠤᠰᠤ ᠪᠠᠨ ᠴᠢᠩᠭᠠᠯᠠᠬᠤ ᠳᠤ ᠲᠤᠰᠠᠳᠠᠢ ᠶᠤᠮ᠃        6᠂ ᠭᠠᠵᠠᠷ ᠤᠨ ᠭᠠᠳᠠᠷᠭᠤ ᠲᠠᠢ ᠣᠶᠢᠷᠠᠳᠬᠤ ᠪᠣᠯᠪᠠᠰᠤᠷᠠᠯ ᠢ ᠢᠯᠡᠭᠦᠬᠡᠨ ᠬᠢᠬᠦ ᠬᠡᠷᠡᠭᠲᠡᠶ᠃ ᠨᠠᠰᠤᠲᠠᠶᠢᠴᠤᠳ ᠭᠠᠵᠠᠷ ᠳᠡᠭᠡᠷ᠎ᠡ ᠦᠷᠭᠦᠯᠵᠢ ︽ᠰᠥᠭᠦᠳᠬᠦ - ᠰᠠᠭᠤᠬᠤ - ᠪᠣᠰᠴᠤ ᠵᠣᠭᠰᠣᠬᠤ︾ ᠬᠦᠳᠡᠯᠭᠡᠭᠡᠨ ᠢ ᠬᠢᠪᠡᠯ ᠬᠥᠯ ᠤᠨ ᠪᠤᠯᠴᠢᠩ ᠤᠨ ᠬᠦᠴᠦ ᠪᠠ ᠦᠶ᠎ᠡ ᠭᠡᠰᠢᠬᠦᠦ ᠶᠢᠨ ᠤᠶᠠᠨ ᠬᠠᠲᠠᠨ ᠴᠢᠨᠠᠷ ᠢᠶᠠᠨ ᠳᠡᠭᠡᠭᠰᠢᠯᠡᠭᠦᠯᠵᠦ ᠪᠣᠯᠤᠨ᠎ᠠ᠃        7᠂ ᠬᠤᠷᠳᠤᠴᠠ ᠲᠠᠢ ᠬᠦᠳᠡᠯᠭᠡᠭᠡᠡ ᠳᠤ ᠤᠷᠤᠯᠴᠠᠬᠤ ᠬᠡᠷᠡᠭᠳᠡᠢ᠃ ᠥᠲᠥᠨ ᠪᠥᠮᠪᠦᠭᠡ᠂ ᠫᠢᠩᠫᠠᠩ ᠪᠥᠮᠪᠦᠭᠡ᠂ ᠲᠣᠣᠷ ᠤᠨ ᠪᠥᠮᠪᠦᠭᠡ ᠶᠢᠨ ᠬᠥᠳᠡᠯᠭᠡᠭᠡᠨ ᠨᠢ ᠪᠡᠶ᠎ᠡ ᠮᠠᠬᠠᠪᠣᠳ ᠤᠨ ᠵᠢᠷᠦᠬᠡ ᠠᠭᠤᠰᠬᠢᠨ ᠤ ᠲᠡᠰᠪᠦᠷᠢ ᠶᠢᠨ ᠬᠡᠮᠵᠢᠶ᠎ᠡ᠂ ᠬᠦᠴᠦ ᠴᠢᠳᠠᠯ᠂ ᠬᠤᠷᠳᠤᠴᠠ᠂ ᠵᠣᠬᠢᠴᠠᠩᠭᠤᠶ ᠴᠢᠨᠠᠷ᠂ ᠤᠶᠠᠨ ᠬᠠᠲᠠᠨ ᠴᠢᠨᠠᠷ᠂ ᠲᠡᠩᠴᠡᠭᠦᠷᠢ᠂ ᠬᠤᠷᠴᠠ ᠱᠠᠯᠠᠮᠠᠭᠠᠢ ᠪᠠᠶᠢᠬᠤ ᠵᠡᠷᠭᠡ ᠶᠢ ᠪᠦᠬᠦ ᠲᠠᠯ᠎ᠠ ᠪᠠᠷ ᠪᠤᠯᠪᠠᠰᠤᠷᠠᠭᠤᠯᠤᠨ ᠴᠢᠩᠭᠠᠯᠠᠳᠠᠬ ᠠᠴᠠ ᠡᠶᠢᠮᠤ ᠬᠥᠳᠡᠯᠭᠡᠭᠡᠨ ᠳᠤ ᠢᠯᠡᠭᠦᠭᠡᠡ ᠤᠷᠤᠯᠴᠠᠬᠤ ᠭᠡᠷᠡᠭᠳᠡᠢ᠃        8᠂ ᠪᠡᠶ᠎ᠡ ᠳᠡᠭᠡᠨ ᠢᠲᠡᠭᠡᠯ ᠲᠠᠢ ᠪᠠᠶᠢᠬᠤ ᠬᠡᠷᠡᠭᠲᠡᠢ᠃ ᠨᠤᠭᠤᠷᠠᠯ ᠪᠦᠳᠦᠷᠢᠯ ᠳᠤ ᠲᠤᠯᠭᠠᠷᠠᠬᠤ ᠦᠶ᠎ᠡ ᠳᠤ ᠬᠥᠮᠥᠰ ᠪᠡᠶ᠎ᠡ ᠪᠠᠨ ᠬᠠᠮᠤᠭ ᠠᠴᠠ ᠢᠯᠡᠭᠦᠦ ᠢᠲᠡᠭᠡᠬᠦ ᠬᠡᠷᠡᠭᠳᠡᠢ᠃      9᠂ ᠬᠠᠷᠠᠯᠲᠠ ᠲᠣᠭᠲᠠᠭᠠᠬᠤ ᠮᠦᠷᠳᠡᠭᠡᠨ ᠬᠠᠷᠠᠯᠳᠠ ᠪᠠᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠳᠡᠢ᠃ ᠥᠪᠡᠷ ᠤᠨ ᠪᠡᠶ᠎ᠡ ᠳᠡᠭᠡᠨ ᠤᠳᠬ᠎ᠠ ᠠᠭᠤᠯᠭ᠎ᠠ ᠲᠠᠢ ᠲᠥᠯᠥᠪᠯᠡᠭᠡ ᠶᠢ ᠲᠣᠭᠲᠠᠭᠠᠬᠤ ᠪᠥᠭᠡᠳ ᠲᠡᠭᠦᠨ ᠢᠶᠠᠨ ᠪᠡᠶᠡᠯᠡᠭᠦᠯᠬᠦ ᠬᠡᠷᠡᠭᠲᠡᠶ᠃        10᠂ ᠥᠪᠡᠷ ᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ᠃ ᠶᠡᠷᠦ ᠶᠢᠨ ᠦᠭᠡᠨ ᠳᠤ ᠥᠲᠡᠯᠲᠡᠯ᠎ᠡ ᠪᠠᠨ ᠰᠤᠷᠤᠨ᠎ᠠ ᠭᠡᠵᠦ ᠬᠡᠯᠡᠳᠡᠭ ᠪᠢᠰᠢᠦ᠃  
 
ᠢᠷᠡᠯᠲᠡ᠄ ᠬᠤᠯᠪᠤᠭ᠎ᠠ ᠪᠦᠷᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号