ᠮᠠᠷᠢᠶᠠᠯᠠᠬᠤ ᠶᠢ ᠰᠡᠷᠭᠡᠶᠢᠯᠡᠵᠦ ᠪᠣᠯᠬᠤ ᠭᠧᠨ ᠤ ᠬᠤᠪᠢᠯᠪᠤᠷᠢ ᠶᠢ ᠢᠯᠡᠷᠡᠬᠦᠯᠪᠡ
ᠨᠡᠶᠢᠲᠡᠯᠡᠭᠰᠡᠨ ᠴᠠᠭ᠄
2019-05-28
     ᠤᠳᠤᠮᠰᠢᠯ ᠤᠨ ᠬᠦᠴᠦᠨ ᠵᠦᠢᠯ ᠨᠢ ᠬᠥᠮᠦᠨ ᠤ ᠮᠠᠷᠢᠶᠠᠯᠠᠵᠤ ᠲᠤᠷᠠᠬᠤ ᠶᠢ ᠨᠦᠯᠦᠭᠡᠯᠡᠳᠡᠭ ᠢ ᠠᠯᠢ ᠡᠷᠲᠡ ᠬᠥᠮᠦᠰ ᠮᠡᠳᠡᠨ᠎ᠡ᠃ ᠲᠦᠷᠦᠭᠦᠬᠡᠨ᠂ ᠠᠩᠭ᠍ᠯᠢ ᠶᠢᠨ ᠺᠠᠮᠪᠦᠷᠢᠵᠢ ᠶᠡᠭᠡ ᠰᠤᠷᠭᠠᠭᠤᠯᠢ ᠶᠢᠨ ᠰᠤᠳᠤᠯᠭᠠᠲᠠᠳ ᠮᠠᠷᠢᠶᠠᠯᠠᠬᠤ ᠶᠢ ᠰᠡᠷᠭᠡᠶᠢᠯᠡᠵᠦ ᠳᠡᠶᠢᠯᠬᠦ ᠭᠧᠨ ᠤ ᠬᠤᠪᠢᠯᠪᠤᠷᠢ ᠴᠣᠭᠴᠠ ᠶᠢ ᠢᠯᠡᠷᠡᠭᠦᠯᠵᠦ᠂ ᠮᠠᠷᠢᠶᠠᠯᠠᠬᠤ ᠡᠪᠡᠳᠴᠢᠨ ᠢ ᠵᠠᠰᠠᠬᠤ ᠰᠢᠨ᠎ᠡ ᠡᠮ ᠢ ᠨᠡᠭᠡᠭᠡᠨ ᠠᠰᠢᠭᠯᠠᠬᠤ ᠳᠤ ᠰᠡᠳᠬᠢᠮᠵᠢ ᠬᠠᠩᠭᠠᠵᠤ ᠪᠣᠯᠤᠨ᠎ᠠ ᠭᠡᠵᠦ ᠨᠡᠶᠢᠲᠡᠯᠡᠪᠡ᠃ ᠨᠢᠭᠡᠨᠲᠡ ᠮᠡᠳᠡᠭᠰᠡᠨ ᠮᠠᠷᠢᠶ᠎ᠠ ᠲᠠᠢ ᠬᠤᠯᠪᠣᠭᠳᠠᠬᠤ ᠭᠧᠨ ᠤ ᠳᠣᠲᠣᠷ᠎ᠠ᠂ ᠬᠠᠷ᠎ᠠ ᠡᠳ᠋ ᠤᠨ ᠬᠦᠷᠦᠰᠦᠮᠡᠭ ᠤᠨ ᠡᠳ᠋ ᠤᠨ ᠬᠦᠯᠢᠶᠡᠭᠴᠢ - 4 ︵M C 4 R︶ ᠭᠡᠳᠡᠭ ᠨᠢᠭᠡ ᠵᠦᠢᠯ ᠤᠨ ᠭᠧᠨ ᠨᠢ ᠪᠡᠶ᠎ᠡ ᠶᠢᠨ ᠬᠦᠨᠳᠦ ᠶᠢ ᠲᠣᠬᠢᠷᠠᠭᠤᠯᠬᠤ ᠳᠤ ᠨᠡᠯᠢᠶᠡᠳ ᠵᠠᠩᠭᠢᠯᠠᠭ᠎ᠠ ᠪᠣᠯᠳᠠᠭ᠃ ᠢᠮᠦᠷᠬᠦᠦ ᠬᠦᠯᠢᠶᠡᠭᠴᠢ ᠪᠡᠶ᠎ᠡ ᠨᠢ ᠶᠡᠭᠡ ᠲᠠᠷᠢᠬᠢᠨ ᠳᠤ ︽ᠨᠡᠭᠡᠭᠡᠯᠭᠡ︾ ᠶᠢᠨ ᠦᠢᠯᠡᠳᠦᠯ ᠦᠵᠡᠭᠦᠯᠵᠦ᠂ ᠢᠳᠡᠭᠡᠨ ᠤ ᠳᠤᠷᠠᠰᠢᠯ ᠢ ᠲᠤᠬᠢᠷᠠᠭᠤᠯᠤᠨ ᠡᠵᠡᠮᠳᠡᠵᠦ ᠪᠣᠯᠳᠠᠭ᠃       ᠺᠠᠮᠪᠦᠷᠢᠵᠢ ᠶᠡᠭᠡ ᠰᠤᠷᠭᠠᠭᠤᠯᠢ ᠶᠢᠨ ᠸᠧᠯᠺᠥᠮ ᠰᠠᠭᠤᠷᠢ ᠮᠥᠩᠭᠦᠨ ᠤ ᠨᠡᠶᠢᠭᠡᠮᠯᠢᠭ - M R C ᠰᠣᠯᠢᠯᠴᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠨᠢᠭᠡᠨ ᠬᠠᠮᠲᠤᠷᠠᠭᠰᠠᠨ ᠰᠤᠳᠤᠯᠭᠠᠨ ᠤ ᠳᠣᠭᠤᠶᠢᠯᠠᠩ ᠠᠮᠧᠷᠢᠺᠠ ᠶᠢᠨ ᠬᠠᠮᠤᠭ ᠰᠢᠨ᠎ᠡ ᠨᠢᠭᠡ ᠬᠤᠭᠤᠴᠠᠭᠠᠨ ᠤ ︽ᠡᠰ︾ ᠰᠡᠳᠬᠦᠯ ᠳᠡᠭᠡᠷ᠎ᠡ ᠵᠣᠬᠢᠶᠠᠯ ᠨᠡᠶᠢᠲᠡᠯᠡᠵᠦ᠂ ᠲᠡᠳᠡ M C 4 R ᠭᠧᠨ ᠤ ᠵᠠᠷᠢᠮ ᠬᠤᠪᠢᠯᠪᠤᠷᠢ ᠨᠢ ᠶᠡᠭᠡ ᠲᠠᠷᠢᠬᠢᠨ ᠳᠠᠬᠢ ᠬᠤᠯᠪᠣᠭᠳᠠᠯ ᠪᠦᠬᠦᠢ ᠬᠦᠯᠢᠶᠡᠭᠴᠢ ᠪᠡᠶ᠎ᠡ ᠶᠢᠨ ᠢᠳᠡᠪᠬᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠥᠮᠦᠨ ᠤ ᠬᠡᠳᠦ ᠮᠠᠷᠢᠶᠠᠯᠠᠬᠤ ᠶᠢ ᠰᠡᠷᠭᠡᠶᠢᠯᠡᠵᠦ ᠴᠢᠳᠠᠨ᠎ᠠ ᠭᠡᠳᠡᠭ ᠢ ᠣᠯᠵᠤ ᠮᠡᠳᠡᠵᠡᠢ᠃ ᠢᠷᠡᠭᠡᠳᠦᠢ ᠳᠤ ᠡᠨᠡ ᠬᠦ ᠢᠯᠡᠷᠡᠭᠦᠯᠦᠯᠲᠡ ᠶᠢ ᠦᠨᠳᠦᠰᠦᠯᠡᠨ ᠡᠨᠡ ᠬᠦ ᠭᠧᠨ ᠤ ᠬᠤᠪᠢᠯᠪᠤᠷᠢ ᠶᠢᠨ ᠬᠠᠮᠠᠭᠠᠯᠠᠬᠤ ᠦᠢᠯᠡᠳᠦᠯ ᠢ ᠬᠠᠭᠤᠯᠪᠤᠷᠢᠯᠠᠬᠤ ᠰᠢᠨ᠎ᠡ ᠡᠮ ᠢ ᠰᠤᠳᠤᠯᠤᠨ ᠭᠠᠷᠭᠠᠵᠤ᠂ ᠬᠥᠮᠦᠰ ᠢ ᠬᠠᠪᠰᠤᠷᠴᠤ ᠪᠡᠶ᠎ᠡ ᠶᠢᠨ ᠬᠦᠨᠳᠦ ᠶᠢ ᠡᠵᠡᠮᠰᠢᠭᠦᠯᠬᠦ ᠪᠣᠯᠣᠯᠴᠠᠭ᠎ᠠ ᠪᠠᠶᠢᠨ᠎ᠠ ᠭᠡᠵᠡᠶ᠃       ᠲᠤᠰ ᠳᠤᠭᠤᠶᠢᠯᠠᠩ 50 ᠲᠦᠮᠡᠨ ᠬᠥᠮᠦᠨ ᠤ M C 4 R ᠭᠧᠨ ᠢ ᠰᠤᠳᠤᠯᠵᠠᠶ᠃ ᠡᠳᠡᠭᠡᠷ ᠲᠤᠭ᠎ᠠ  ᠪᠠᠷᠢᠮᠲᠠ ᠨᠢ ᠠᠩᠭ᠍ᠯᠢ ᠶᠢᠨ ᠠᠮᠢᠳᠤ ᠪᠣᠳᠠᠰ ᠤᠨ ᠠᠨᠠᠭᠠᠬᠤ ᠤᠬᠠᠭᠠᠨ ᠤ ᠬᠥᠮᠥᠷᠭᠡ ᠠᠴᠠ ᠢᠷᠡᠵᠡᠢ᠂ ᠬᠦᠮᠦᠷᠭᠡ ᠳᠤ 40 ᠨᠠᠰᠤᠨ ᠠᠴᠠ 69 ᠨᠠᠰᠤᠨ ᠤ ᠬᠤᠭᠤᠷᠣᠨᠳᠤᠬᠢ ᠠᠩᠭ᠍ᠯᠢ ᠬᠥᠮᠦᠨ ᠤ ᠤᠳᠤᠮᠰᠢᠯ ᠪᠠ ᠡᠮᠴᠢᠯᠡᠭᠡᠨ ᠤ ᠲᠤᠭ᠎ᠠ ᠪᠠᠷᠢᠮᠲᠠ 50 ᠲᠦᠮᠡ ᠪᠠᠶᠢᠨ᠎ᠠ᠃ ᠰᠤᠳᠤᠯᠭᠠᠨ ᠤ ᠠᠵᠢᠯᠲᠠᠨ 61 ᠵᠦᠢᠯ ᠤᠨ ᠠᠶᠠᠨᠳᠠᠭᠠᠨ ᠡᠭᠦᠰᠦᠭᠰᠡᠨ M C 4 R ᠭᠧᠨ ᠤ ᠬᠤᠪᠢᠯᠪᠤᠷᠢ ᠪᠡᠶ᠎ᠡ ᠶᠢ ᠢᠯᠡᠷᠡᠭᠦᠯᠵᠡᠶ᠃ ᠡᠭᠦᠨ ᠤ ᠳᠣᠲᠣᠷᠠᠬᠢ ᠵᠠᠷᠢᠮ ᠬᠤᠪᠢᠯᠪᠤᠷᠢ ᠪᠡᠶ᠎ᠡ ᠨᠢ ᠬᠥᠮᠦᠰ ᠤᠨ ᠮᠠᠷᠢᠶᠠᠯᠠᠬᠤ ᠬᠡᠮ ᠪᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠪᠠ ᠵᠢᠷᠦᠬᠡᠨ ᠡᠪᠡᠳᠴᠢᠨ ᠵᠡᠷᠭᠡ ᠮᠠᠷᠢᠶᠠᠯᠠᠬᠤ ᠬᠡᠮ ᠡᠭᠦᠰᠬᠦ ᠶᠢ ᠰᠡᠷᠭᠡᠶᠢᠯᠡᠵᠦ ᠴᠢᠳᠠᠨ᠎ᠠ᠃  
 
ᠢᠷᠡᠯᠲᠡ᠄ ᠬᠤᠯᠪᠤᠭ᠎ᠠ ᠪᠦᠷᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号