ᠰᠤᠷᠬᠤ ᠨᠠᠰᠦᠨ ᠳᠤ ᠬᠦᠷᠦᠭᠡ ᠦᠭᠡᠢ ᠬᠡᠦᠭᠡᠳ ᠲᠤ ᠭᠠᠷ ᠤᠲᠠᠰᠦ ᠪᠤᠯᠤᠨ ᠺᠤᠮᠫᠢᠦ᠋ᠲ᠋ᠧᠷ ᠢ ᠬᠡᠷᠡᠭᠯᠡᠬᠦᠯᠬᠦ ᠦᠭᠡᠢ ᠪᠠᠶᠢᠪᠠᠯ ᠵᠤᠬᠢᠨ᠎ᠠ
ᠨᠡᠶᠢᠲᠡᠯᠡᠭᠰᠡᠨ ᠴᠠᠭ᠄
2019-05-28
      ᠣᠯᠣᠰ ᠤᠨ ᠡᠷᠡᠬᠦᠯ ᠬᠠᠮᠠᠭᠠᠯᠠᠯ ᠪᠤᠯᠤᠨ ᠡᠷᠡᠬᠦᠯ ᠮᠠᠨᠳᠦ ᠶᠢᠨ ᠵᠦᠪᠯᠡᠯ ᠤᠷᠴᠢᠮᠬᠠᠨ ᠳᠤ ᠨᠡᠶᠢᠲᠡᠯᠡᠭᠰᠡᠨ ᠪᠠᠶᠢᠴᠠᠭᠠᠯᠲᠠ ᠶᠢᠨ ᠳ᠋ᠦᠩ ᠳᠡᠭᠡᠨ᠂ ᠤᠲᠤᠬᠠᠨ ᠳᠤ ᠮᠠᠨ ᠤ ᠣᠯᠣᠰ ᠤᠨ ᠬᠡᠦᠭᠡᠳ ᠤᠶᠢᠷ᠎ᠠ ᠬᠠᠷᠠᠭ᠎ᠠ ᠲᠠᠢ ᠪᠤᠯᠬᠤ ᠠᠰᠠᠭᠤᠲᠠᠯ ᠨᠡᠯᠢᠶᠡᠳ ᠲᠤᠪᠤᠶᠢᠮ᠎ᠠ ᠪᠠᠶᠢᠨ᠎ᠠ ᠭᠡᠵᠡᠢ᠃ ᠡᠬᠦᠨ ᠤ ᠵᠡᠷᠭᠡ ᠳᠤ᠂ ᠡᠯᠧᠺᠲᠷᠤᠨ ᠡᠳ᠋ᠯᠠᠯ ᠢ ᠡᠪᠲᠡᠢ ᠰᠠᠶᠢᠬᠠᠨ ᠬᠡᠷᠡᠭᠯᠡᠬᠦ ᠦᠭᠡᠢ ᠪᠠᠶᠢᠭ᠎ᠠ ᠪᠤᠯ ᠤᠶᠢᠷ᠎ᠠ ᠬᠠᠷᠠᠭᠠᠲᠠᠨ ᠤᠯᠠᠰᠢᠷᠠᠵᠤ ᠪᠠᠶᠢᠬᠤ ᠶᠢᠨ ᠭᠤᠤᠯ ᠨᠢᠭᠡ ᠰᠢᠯᠲᠠᠭᠠᠨ ᠮᠥᠨ᠃ ᠵᠢᠷᠭᠤᠭᠠᠨ ᠨᠠᠰᠦᠨ ᠠᠴᠠ ᠲᠤᠷᠤᠭᠰᠢᠬᠢ ᠬᠡᠦᠭᠡᠳ ᠲᠤ ᠭᠠᠷ ᠤᠲᠠᠰᠦ ᠪᠤᠯᠤᠨ ᠺᠤᠮᠫᠢᠦ᠋ᠲ᠋ᠧᠷ ᠢ ᠠᠯᠢ ᠴᠢᠲᠠᠬᠤ ᠪᠠᠷ ᠬᠡᠷᠡᠭᠯᠡᠬᠦᠯᠬᠦ ᠦᠭᠡᠢ ᠪᠠᠶᠢᠪᠠᠯ ᠰᠠᠶᠢᠨ᠂ ᠭᠡᠷ ᠤᠨ ᠠᠬᠠᠮᠠᠳ ᠨᠠᠷ ᠬᠡᠦᠭᠡᠳ ᠤᠨ ᠢᠶᠠᠨ ᠲᠡᠷᠭᠡᠲᠡ ᠡᠯᠧᠺᠲᠷᠤᠨ ᠡᠳ᠋ᠯᠠᠯ ᠢ ᠠᠯᠢ ᠴᠢᠲᠠᠬᠤ ᠪᠠᠷ ᠴᠦᠬᠡᠨ ᠬᠡᠷᠡᠭᠯᠡᠪᠡᠯ ᠰᠠᠶᠢᠨ ᠭᠡᠵᠤ ᠰᠠᠨᠠᠭᠤᠯᠵᠠᠢ᠃       ᠪᠠᠶᠢᠴᠠᠭᠠᠯᠲᠠ ᠶᠢᠨ ᠳᠤᠭ᠎ᠠ ᠪᠠᠷᠢᠮᠲᠠ ᠠᠴᠠ ᠦᠵᠡᠪᠡᠯ᠂ 2018 ᠤᠨ ᠳᠤ ᠮᠠᠨ ᠤ ᠣᠯᠣᠰ ᠤᠨ ᠬᠡᠦᠭᠡᠳ ᠪᠠ ᠵᠠᠯᠠᠭᠤᠴᠤᠳ ᠪᠠᠭᠠᠴᠤᠳ ᠤᠨ ᠤᠶᠢᠷ᠎ᠠ ᠬᠠᠷᠠᠭ᠎ᠠ ᠲᠠᠢ ᠪᠤᠯᠤᠬᠰᠠᠨ ᠨᠤᠷᠮ᠎ᠠ ᠨᠢ ᠶᠡᠷᠦᠩᠬᠡᠢ ᠳᠡᠭᠡᠨ 53.6% ᠰᠢᠬᠠᠵᠠᠢ᠃ ᠡᠬᠦᠨ ᠤ ᠲᠤᠲᠤᠷ᠎ᠠ ᠵᠢᠷᠭᠤᠭᠠᠨ ᠨᠠᠰᠦᠳᠡᠢ ᠬᠡᠦᠭᠡᠳ 14.5%᠂ ᠪᠠᠭ᠎ᠠ ᠰᠤᠷᠭᠠᠭᠤᠯᠢ ᠶᠢᠨ ᠰᠤᠷᠤᠭᠴᠢ 36%᠂ ᠠᠩᠬ᠎ᠠ ᠲᠤᠮᠳᠠᠳᠦ ᠶᠢᠨ ᠰᠤᠷᠤᠭᠴᠢ 71.6%᠂ ᠳᠡᠭᠡᠲᠤ ᠲᠤᠮᠳᠠᠳᠦ ᠶᠢᠨ ᠰᠤᠷᠤᠭᠴᠢ 81% ᠶᠢ ᠡᠵᠡᠯᠡᠵᠡᠢ᠃ ᠡᠶᠢᠮᠦ ᠳᠤ ᠤᠶᠢᠷ᠎ᠠ ᠬᠠᠷᠠᠭ᠎ᠠ ᠲᠠᠢ ᠪᠤᠯᠬᠤ ᠶᠢ ᠰᠡᠷᠭᠡᠶᠢᠯᠡᠨ ᠬᠢᠵᠠᠭᠠᠷᠯᠠᠬᠤ ᠡᠬᠦᠷᠭᠡ ᠬᠦᠨᠳᠦ ᠪᠠᠶᠢᠨ᠎ᠠ᠃       ᠣᠯᠣᠰ ᠤᠨ ᠡᠷᠡᠬᠦᠯ ᠬᠠᠮᠠᠭᠠᠯᠠᠯ ᠪᠤᠯᠤᠨ ᠡᠷᠡᠬᠦᠯ ᠮᠠᠨᠳᠦ ᠶᠢᠨ ᠵᠦᠪᠯᠡᠯ ᠤᠨ ᠳᠦᠷᠦᠬᠦᠬᠡᠨ ᠨᠡᠶᠢᠲᠡᠯᠡᠭᠰᠡᠨ ︽2019 ᠤᠨ ᠤ ᠬᠡᠦᠭᠡᠳ ᠪᠠ ᠵᠠᠯᠠᠭᠤᠴᠤᠳ ᠪᠠᠭᠠᠴᠤᠳ ᠤᠨ ᠤᠶᠢᠷ᠎ᠠ ᠬᠠᠷᠠᠭ᠎ᠠ ᠲᠠᠢ ᠪᠤᠯᠬᠤ ᠶᠢ ᠰᠡᠷᠭᠡᠶᠢᠯᠡᠨ ᠬᠢᠵᠠᠭᠠᠷᠯᠠᠬᠤ ᠡᠷᠡᠬᠦᠯ ᠮᠠᠨᠳᠦ ᠶᠢᠨ ᠬᠦᠮᠦᠵᠢᠯ ᠤᠨ ᠭᠤᠤᠯ ᠮᠡᠲᠡᠭᠡ ᠵᠠᠩᠬᠢ︾ ᠳᠤ ᠬᠡᠯᠡᠭᠰᠡᠨ ᠢᠶᠠᠷ᠂ ᠵᠢᠷᠭᠤᠭᠠᠨ ᠨᠠᠰᠦ ᠬᠦᠷᠲᠡᠯᠡᠬᠢ ᠦᠶ᠎ᠡ ᠪᠤᠯ ᠬᠡᠦᠭᠡᠳ ᠤᠨ ᠬᠠᠷᠠᠭ᠎ᠠ ᠪᠤᠶᠢᠵᠢᠬᠤ ᠵᠠᠩᠬᠢᠯᠠᠭ᠎ᠠ ᠶᠢᠨ ᠬᠤᠭᠤᠴᠠᠭ᠎ᠠ ᠮᠥᠨ ᠪᠤᠯᠬᠤᠷ ᠬᠡᠦᠭᠡᠳ ᠤᠨ ᠬᠠᠷᠠᠭ᠎ᠠ ᠶᠢ ᠪᠠᠭ᠎ᠠ ᠠᠴᠠ ᠨᠢ ᠬᠠᠮᠠᠭᠠᠯᠠᠬᠤ ᠪᠤᠯ ᠮᠠᠰᠢ ᠴᠢᠬᠤᠯᠠ ᠶᠤᠮ ᠭᠡᠵᠡᠢ᠃       ᠤᠤᠯ ᠮᠡᠲᠡᠭᠡ ᠵᠠᠩᠬᠢ ᠳᠤ ᠵᠢᠭᠠᠵᠤ ᠭᠠᠷᠭᠠᠭᠰᠠᠨ ᠨᠢ᠂ ᠭᠠᠷ ᠤᠲᠠᠰᠦ ᠪᠤᠶᠤ ᠺᠤᠮᠫᠢᠦ᠋ᠲ᠋ᠧᠷ᠂ ᠲᠧᠯᠸᠢᠰ ᠵᠡᠷᠭᠡ ᠡᠯᠧᠺᠲᠷᠤᠨ ᠡᠳ᠋ᠯᠠᠯ ᠢ ᠤᠷᠲᠤ ᠴᠠᠭ ᠢᠶᠠᠷ ᠱᠠᠭᠠᠶᠢᠬᠤ ᠪᠤᠯ ᠤᠶᠢᠷ᠎ᠠ ᠬᠠᠷᠠᠭ᠎ᠠ ᠲᠠᠢ ᠪᠤᠯᠵᠤ ᠪᠠᠶᠢᠭ᠎ᠠ ᠶᠢᠨ ᠨᠢᠭᠡ ᠰᠢᠯᠲᠠᠭᠠᠨ ᠮᠥᠨ᠃ ᠵᠢᠷᠭᠤᠭᠠᠨ ᠨᠠᠰᠦᠨ ᠠᠴᠠ ᠲᠤᠷᠤᠭᠰᠢᠬᠢ ᠬᠡᠦᠭᠡᠳ ᠭᠠᠷ ᠤᠲᠠᠰᠦ ᠪᠤᠯᠤᠨ ᠺᠤᠮᠫᠢᠦ᠋ᠲ᠋ᠧᠷ ᠬᠡᠷᠡᠭᠯᠡᠬᠦ ᠦᠭᠡᠢ ᠪᠠᠶᠢᠪᠠᠯ ᠵᠤᠬᠢᠨ᠎ᠠ᠃ ᠭᠡᠷ ᠤᠨ ᠠᠬᠠᠮᠠᠳ ᠨᠠᠷ ᠬᠡᠦᠭᠡᠳ ᠤᠨ ᠢᠶᠠᠨ ᠲᠡᠷᠭᠡᠲᠡ ᠡᠯᠧᠺᠲᠷᠤᠨ ᠡᠳ᠋ᠯᠠᠯ  ᠢ ᠠᠯᠢ ᠴᠢᠲᠠᠬᠤ ᠪᠠᠷ ᠴᠦᠬᠡᠨ ᠬᠡᠷᠡᠭᠯᠡᠪᠡᠯ ᠰᠠᠶᠢᠨ ᠶᠤᠮ᠃       ᠰᠤᠷᠭᠠᠭᠤᠯᠢ ᠳᠤ ᠤᠷᠤᠭᠰᠠᠨ ᠤ ᠲᠠᠷᠠᠭ᠎ᠠ᠂ ᠰᠤᠷᠭᠠᠭᠤᠯᠢ ᠶᠢᠨ ᠡᠯᠧᠺᠲᠷᠤᠨ ᠪᠠᠭᠠᠵᠢ ᠪᠠᠷ ᠬᠢᠴᠢᠶᠡᠯᠯᠡᠬᠦ ᠴᠠᠭ ᠨᠢ ᠵᠠᠷᠴᠢᠮ ᠳᠡᠭᠡᠷ᠎ᠡ ᠪᠠᠨ ᠪᠦᠬᠦ ᠬᠢᠴᠢᠶᠠᠯ ᠬᠦᠮᠦᠵᠢᠯ ᠤᠨ ᠴᠠᠭ ᠤᠨ 30% ᠠᠴᠠ ᠲᠠᠪᠠᠵᠤ ᠪᠤᠯᠬᠤ ᠦᠭᠡᠢ᠃ ᠬᠢᠴᠢᠶᠠᠯ ᠤᠨ ᠵᠠᠪᠰᠠᠷᠯᠠᠭ᠎ᠠ ᠳᠤ ᠡᠯᠧᠺᠲᠷᠤᠨ ᠡᠳ᠋ᠯᠠᠯ ᠬᠡᠷᠡᠭᠯᠡᠵᠦ 30 ᠠᠴᠠ 40 ᠮᠢᠨᠦ᠋ᠲ ᠰᠤᠷᠤᠯᠴᠠᠭᠰᠠᠨ ᠤ ᠲᠠᠷᠠᠭ᠎ᠠ ᠨᠢᠲᠦ ᠶᠢ ᠨᠢ 10 ᠮᠢᠨᠦ᠋ᠲ ᠠᠮᠠᠷᠠᠭᠤᠯᠵᠤ ᠬᠤᠯᠠ ᠶᠢ ᠬᠠᠷᠠᠭᠤᠯᠬᠤ ᠬᠡᠷᠡᠭᠳᠡᠢ᠃ ᠰᠤᠷᠤᠯᠭ᠎ᠠ ᠳᠤ ᠬᠡᠷᠡᠭᠯᠡᠬᠦ ᠪᠢᠰᠢ ᠶᠤᠮ ᠪᠤᠯ ᠡᠯᠧᠺᠲᠷᠤᠨ ᠡᠳ᠋ᠯᠠᠯ ᠬᠡᠷᠡᠭᠯᠡᠬᠦ ᠴᠠᠭ ᠢ ᠤᠲᠠᠭ᠎ᠠ ᠪᠦᠷᠢ 15 ᠮᠢᠨᠦ᠋ᠲ ᠤᠨ ᠲᠤᠲᠤᠷ᠎ᠠ ᠪᠠᠶᠢᠯᠭᠠᠵᠤ ᠂ ᠡᠳᠦᠷ ᠪᠦᠷᠢ ᠨᠢᠭᠡ ᠴᠠᠭ ᠠᠴᠠ ᠬᠡᠳᠦᠷᠡᠬᠦᠯᠵᠦ ᠪᠤᠯᠬᠤ ᠦᠭᠡᠢ ᠪᠠᠶᠢᠳᠠᠭ᠃       ᠡᠬᠦᠨ ᠠᠴᠠ ᠭᠠᠲᠠᠨ᠎ᠠ᠂ ᠬᠡᠦᠭᠡᠳ ᠪᠠᠭᠠᠴᠤᠳ ᠤᠨ ᠲᠠᠰᠤᠯᠳᠠᠯ ᠦᠭᠡᠢ ᠪᠠᠷ ᠪᠢᠴᠢᠭ ᠱᠠᠭᠠᠶᠢᠬᠤ ᠴᠠᠭ ᠢ 40 ᠮᠢᠨᠦ᠋ᠲ ᠤᠨ ᠳᠤᠳᠤᠷ᠎ᠠ ᠪᠠᠶᠢᠯᠭᠠᠪᠠᠯ ᠰᠠᠶᠢᠨ᠂ ᠲᠠᠷᠠᠴᠢᠯᠠᠨ ᠡᠳᠦᠷ ᠭᠠᠲᠠᠨ᠎ᠠ ᠬᠦᠲᠡᠯᠭᠡᠭᠡᠨ ᠬᠢᠬᠦ ᠴᠠᠭ ᠢ ᠭᠦᠢᠴᠡᠳ ᠦᠯᠡᠲᠡᠭᠡᠵᠦ ᠦᠭᠬᠦ ᠬᠡᠷᠡᠭᠲᠡᠢ᠃ ᠪᠠᠭᠰᠢ ᠨᠠᠷ ᠪᠠ ᠭᠡᠷ ᠤᠨ ᠠᠬᠠᠮᠠᠳ ᠨᠠᠷ ᠬᠡᠦᠭᠡᠳ ᠢ ᠪᠡᠶ᠎ᠡ ᠶᠢᠨ ᠳᠠᠮᠢᠷ  ᠤᠨ ᠠᠵᠢᠯᠯᠠᠭᠠᠨ ᠳᠤ ᠢᠯᠡᠬᠦᠬᠡᠨ ᠤᠷᠤᠯᠴᠠᠭᠤᠯᠵᠤ᠂ ᠬᠡᠦᠭᠡᠳ ᠤᠨ ᠡᠳᠦᠷ ᠪᠦᠷᠢ ᠶᠢᠨ ᠭᠠᠲᠠᠨ᠎ᠠ ᠬᠦᠲᠡᠯᠭᠡᠭᠡᠨ ᠬᠢᠬᠦ ᠴᠠᠭ ᠢ ᠬᠤᠶᠠᠷ  ᠴᠠᠭ ᠠᠴᠠ ᠢᠯᠡᠬᠦᠦ ᠪᠠᠶᠢᠯᠭᠠᠬᠤ ᠬᠡᠷᠡᠭᠳᠡᠢ᠃ ᠪᠠᠶᠢᠷᠢ ᠳᠤ ᠰᠠᠭᠤᠬᠤ ᠳᠦᠷᠢᠮᠲᠤ ᠬᠡᠦᠭᠡᠳ ᠤᠨ ᠴᠡᠴᠡᠷᠯᠢᠭ ᠤᠨ ᠬᠡᠦᠭᠡᠳ ᠤᠨ ᠭᠠᠲᠠᠨ᠎ᠠ ᠬᠦᠲᠡᠯᠭᠡᠭᠡᠨ ᠬᠢᠬᠦ ᠴᠠᠭ ᠢ ᠡᠳᠦᠷ ᠪᠦᠷᠢ ᠭᠤᠷᠪᠠᠨ ᠴᠠᠭ ᠠᠴᠠ ᠪᠠᠭ᠎ᠠ ᠪᠠᠶᠢᠯᠭᠠᠵᠤ ᠪᠤᠯᠬᠤ ᠦᠭᠡᠢ ᠶᠤᠮ᠃
 
ᠢᠷᠡᠯᠲᠡ᠄ ᠬᠤᠯᠪᠤᠭ᠎ᠠ ᠪᠦᠷᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号