ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ ᠳᠤᠭᠤᠷᠢᠭ ᠤᠨ ᠰᠢᠬᠦᠬᠦ ᠬᠤᠷᠢᠶ᠎ᠡ᠂ ᠪᠠᠶᠢᠴᠠᠭᠠᠬᠤ ᠬᠤᠷᠢᠶ᠎ᠠ᠂ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶ᠎ᠡ ᠳᠤ ᠬᠦᠷᠴᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-05-30
      5 ᠰᠠᠷ᠎ᠠ ᠶᠢᠨ 22 ᠤ ᠡᠳᠤᠷ - 23 ᠤ ᠡᠳᠤᠷ᠂ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ ᠳᠤᠭᠤᠷᠢᠭ ᠤᠨ ᠰᠢᠬᠦᠬᠦ ᠬᠤᠷᠢᠶ᠎ᠡ᠂ ᠪᠠᠶᠢᠴᠠᠭᠠᠬᠤ ᠬᠤᠷᠢᠶ᠎ᠠ᠂ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶ᠎ᠡ ᠳᠤ ᠬᠦᠷᠴᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠠᠵᠢᠯ ᠢ ᠪᠠᠶᠢᠴᠠᠭᠠᠨ ᠰᠤᠳᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠢ ᠰᠢᠶᠠᠩ ᠬᠦᠩ᠂ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠠᠯᠪᠡᠨ ᠬᠡᠷ ᠤᠨ ᠡᠷᠬᠢᠯᠡᠭᠴᠢ ᠵᠤ᠋ ᠼᠦᠨ ᠬᠦᠢ᠂ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠶᠢᠨ ᠯᠦᠩ᠂ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠸᠠᠩ ᠬᠤᠢ᠂ ᠨᠠᠮ ᠤᠨ ᠬᠤᠷᠢᠶᠠᠨ ᠤ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠰᠢᠬᠦᠬᠦ ᠬᠤᠷᠢᠶ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠠᠮᠠᠴᠠᠯ ᠤᠨ ᠠᠵᠢᠯ ᠤᠨ ᠪᠠᠶᠢᠳᠠᠯ ᠢ ᠨᠠᠷᠢᠨ ᠤᠶᠢᠯᠠᠭᠠᠵᠦ᠂ ᠳᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠤᠬᠠᠭᠤᠯᠤᠨ ᠳᠠᠶᠢᠴᠢᠯᠠᠬᠤ ᠰᠦᠪᠡᠭᠴᠢ ᠶᠢ ᠵᠢᠭᠰᠠᠭᠠᠬᠤ ᠳᠤᠭᠳᠠᠴᠠ ᠶᠢᠨ ᠠᠵᠢᠯᠯᠠᠭᠠᠨ ᠤ ᠪᠠᠶᠢᠷᠢᠯᠠᠭᠤᠯᠤᠯᠳᠠ ᠵᠡᠷᠭᠡ ᠪᠤᠳᠠᠳᠠᠢ ᠪᠠᠶᠢᠳᠠᠯ ᠢ ᠨᠠᠷᠢᠨ ᠤᠶᠢᠯᠠᠭᠠᠭᠰᠠᠨ ᠪᠦᠭᠡᠳ ᠳᠤᠰ ᠳᠤᠰ ᠶᠠᠷᠢᠯᠴᠠᠬᠤ ᠬᠤᠷᠠᠯ ᠬᠤᠷᠠᠯᠳᠤᠭᠤᠯᠪᠠ᠃        ᠪᠠᠶᠢᠴᠠᠭᠠᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤᠳᠤᠭᠠᠠᠳᠤ ᠶᠢ ᠬᠠᠮᠠᠭᠠᠯᠠᠬᠤ ᠪᠠᠶᠢᠴᠠᠭᠠᠬᠤ ᠰᠢᠬᠦᠬᠦ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠳᠤᠰ ᠳᠤᠰ ᠰᠤᠨᠤᠰᠴᠦ᠂ ᠴᠧᠨ ᠵᠢᠶᠠᠨ ᠵᠦᠩ ᠳᠤᠭᠤᠷᠢᠭ ᠤᠨ ᠳᠤᠳᠤᠭᠠᠳᠤ ᠶᠢ ᠬᠠᠮᠠᠭᠠᠯᠠᠬᠤ ᠰᠢᠬᠦᠬᠦ ᠬᠤᠷᠢᠶ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠤᠯᠪᠤᠭᠳᠡᠯ ᠪᠦᠬᠦᠢ ᠠᠵᠢᠯ ᠤᠨ ᠱᠠᠳᠤ ᠦᠶ᠎ᠡ ᠶᠢᠨ ᠴᠢᠨᠠᠷᠳᠠᠢ ᠦᠷ᠎ᠡ ᠪᠦᠳᠦᠮᠵᠢ ᠤᠯᠤᠭᠰᠠᠨ ᠢ ᠬᠦᠢᠴᠡᠳ ᠨᠤᠳᠠᠯᠠᠪᠠ᠃ ᠭᠡᠪᠡᠴᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠠᠵᠢᠯ ᠳᠤ ᠮᠦᠨ ᠯᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠳᠠᠯ᠎ᠠ ᠤᠷᠤᠰᠢᠵᠦ ᠪᠠᠶᠢᠨ᠎ᠠ ᠭᠡᠵᠦ ᠵᠢᠭᠠᠨ ᠭᠠᠷᠭᠠᠪᠠ᠃ ᠳᠤᠳᠠᠭᠤᠳᠠᠯ ᠢ ᠳᠦᠷᠭᠡᠬᠡᠨ ᠨᠦᠬᠦᠪᠦᠷᠢᠯᠡᠵᠦ᠂ ᠳᠤᠭᠤᠷᠢᠭ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠬᠢᠷᠢ ᠳᠦᠪᠰᠢᠨ ᠪᠠ ᠪᠤᠳᠠᠳᠤ ᠦᠷ᠎ᠡ ᠪᠦᠳᠦᠮᠵᠢ ᠶᠢ ᠳᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠳᠡᠢ ᠭᠡᠵᠦ ᠱᠠᠭᠠᠷᠳᠠᠵᠦ᠂ ᠳᠦᠪ ᠬᠤᠷᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠰᠢᠪᠠᠳᠡᠨ ᠵᠢᠯᠤᠭᠤᠳᠬᠤ ᠳᠤᠭᠤᠶᠢᠯᠠᠩ ᠤᠨ ᠰᠢᠪᠠᠳᠡᠨ ᠵᠢᠯᠤᠭᠤᠳᠴᠦ ᠪᠠᠶᠢᠴᠠᠭᠠᠬᠤ ᠡᠯ᠎ᠡ ᠵᠤᠶᠢᠯ ᠤᠨ ᠠᠵᠢᠯ ᠢ ᠰᠠᠶᠢᠳᠤᠷ ᠪᠠᠶᠡᠯᠡᠬᠦᠯᠦᠨ᠎ᠡ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号