ᠬᠠᠷ᠎ᠠ ᠪᠦᠯᠦᠭᠳᠡᠨ ᠬᠠᠷᠬᠢᠰ ᠬᠦᠴᠦᠨ ᠳᠤ ᠴᠤᠬᠢᠯᠳᠠ ᠦᠭᠬᠦ
ᠨᠡᠶᠢᠲᠡᠯᠡᠭᠰᠡᠨ ᠴᠠᠭ᠄
2019-05-30
       1᠂ ᠤᠯᠤᠰ ᠳᠦᠷᠦ ᠶᠢᠨ ᠠᠮᠤᠷ ᠳᠦᠪᠰᠢᠨ ᠢᠯᠠᠩᠭᠤᠶ᠎ᠡ ᠪᠠᠶᠢᠭᠤᠯᠤᠮᠵᠢ ᠶᠢᠨ ᠠᠮᠤᠷ ᠳᠦᠪᠰᠢᠨ᠂ ᠵᠠᠰᠠᠭ ᠤᠨ ᠡᠷᠭᠡ ᠶᠢᠨ ᠠᠮᠤᠷ ᠳᠦᠪᠰᠢᠨ ᠢ ᠰᠦᠷᠳᠡᠬᠦᠯᠵᠦ ᠪᠦᠬᠦᠢ ᠤᠯᠤᠰ ᠳᠦᠷᠦ ᠶᠢᠨ ᠬᠦᠷᠢᠶ᠎ᠡ ᠴᠠᠷ᠎ᠠ ᠵᠦᠭ ᠨᠡᠪᠴᠢᠬᠦ ᠬᠠᠷ᠎ᠠ ᠪᠦᠯᠦᠭᠳᠡᠨ ᠬᠠᠷᠬᠢᠰ ᠬᠦᠴᠦᠨ᠃        2᠂ ᠦᠨᠳᠦᠰᠦᠨ ᠱᠠᠳᠤᠨ ᠤ ᠵᠠᠰᠠᠭ ᠤᠨ ᠡᠷᠭᠡ ᠶᠢ ᠠᠳᠬᠤᠨ᠂ ᠦᠨᠳᠦᠰᠦᠨ ᠱᠠᠳᠤᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢ ᠡᠪᠳᠡᠨ ᠡᠵᠡᠷᠭᠡᠵᠦ᠂ ᠬᠦᠳᠡᠭᠡ ᠳᠤᠰᠬᠤᠨ ᠤ ᠡᠬᠢ ᠪᠠᠶᠠᠯᠢᠭ ᠢ ᠭᠠᠭᠴᠠᠭᠠᠷ ᠡᠵᠡᠮᠰᠢᠨ᠂ ᠬᠠᠮᠳᠤ ᠶᠢᠨ ᠡᠳ᠋ ᠬᠦᠦᠷᠩᠭᠡ ᠶᠢ ᠬᠢᠬᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ᠃        3᠂ ᠤᠪᠤᠭ ᠳᠤᠷᠤᠯ᠂ ᠱᠠᠰᠢᠨ ᠰᠤᠷᠳᠠᠬᠤᠨ ᠤ ᠬᠦᠴᠦᠨ ᠳᠤ ᠪᠠᠨ ᠡᠷᠳᠤᠵᠦ᠂ ᠳᠤᠰᠬᠤᠨ ᠪᠠᠯᠭᠠᠰᠤᠨ ᠳᠤ ᠬᠦᠨᠳᠡᠯᠡᠨ ᠭᠤᠯᠳᠤ ᠠᠭᠠᠰᠢᠯᠠᠨ᠂ ᠤᠯᠠᠨ ᠳᠦᠮᠡᠨ ᠢ ᠳᠠᠷᠤᠯᠠᠨ ᠳᠤᠷᠤᠮᠵᠢᠯᠠᠵᠦ ᠬᠤᠤᠷᠯᠠᠳᠠᠭ ︽ᠭᠠᠴᠠᠭ᠎ᠠ ᠳᠤᠰᠬᠤᠨ ᠤ ᠡᠵᠡᠷᠭᠡᠭᠴᠢ︾ ᠮᠡᠳᠤ ᠶᠢᠨ ᠬᠠᠷ᠎ᠠ ᠪᠦᠯᠦᠭᠳᠡᠨ ᠬᠠᠷᠬᠢᠰ ᠬᠦᠴᠦᠨ᠃        4᠂ ᠭᠠᠵᠠᠷ ᠳᠠᠳᠠᠪᠤᠷᠢᠯᠠᠬᠤ᠂ ᠭᠠᠵᠠᠷ ᠳᠦᠷᠢᠶᠡᠰᠦᠯᠡᠬᠦ᠂ ᠢᠨᠵᠧᠨᠧᠷᠢᠩ ᠤᠨ ᠳᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠵᠡᠷᠭᠡ ᠠᠵᠢᠯ ᠤᠨ ᠶᠠᠪᠤᠴᠠ ᠳᠤ ᠤᠯᠠᠨ ᠢ ᠦᠳᠦᠭᠡᠨ ᠬᠡᠷᠡᠭ ᠳᠠᠳᠠᠬᠤ ᠬᠠᠷ᠎ᠠ ᠪᠦᠯᠦᠭᠳᠡᠨ ᠬᠠᠷᠬᠢᠰ ᠬᠦᠴᠦᠨ᠃        5᠂ ᠬᠡᠷ ᠪᠠᠷᠢᠯᠭ᠎ᠠ ᠶᠢᠨ ᠳᠦᠷᠦᠯ ᠵᠤᠶᠢᠯ᠂ ᠵᠠᠮ ᠳᠡᠭᠡᠭᠡᠪᠤᠷᠢ᠂ ᠠᠭᠤᠷᠬᠠᠢ ᠶᠢᠨ ᠡᠬᠢ ᠪᠠᠶᠠᠯᠢᠭ᠂ ᠵᠢᠭᠠᠰᠤᠨ ᠤᠶᠢᠯᠡᠰ ᠵᠡᠷᠭᠡ ᠬᠦᠷᠢᠶ᠎ᠡ ᠬᠡᠪᠴᠢᠶᠡᠨ ᠳᠤ ᠬᠦᠴᠦᠷᠭᠡᠭᠯᠡᠯ ᠢᠶᠠᠷ ᠪᠠᠷᠢᠯᠭ᠎ᠠ ᠶᠢᠨ ᠳᠦᠷᠦᠯ ᠵᠤᠶᠢᠯ ᠢ ᠳᠠᠭᠠᠭᠭᠠᠴᠢᠯᠠᠬᠤ᠂ ᠮᠠᠭᠤ ᠰᠠᠨᠠᠭ᠎ᠠ ᠪᠠᠷ ᠦᠨ᠎ᠡ ᠬᠠᠶᠠᠯᠴᠠᠬᠤ ᠳᠠᠭᠠᠭᠠᠴᠢᠯᠠᠯᠳᠠ ᠵᠠᠷᠯᠠᠬᠤ ᠳᠤ ᠤᠷᠤᠯᠴᠠᠬᠤ᠂ ᠬᠠᠤᠯᠢ ᠪᠤᠰᠤ ᠪᠠᠷ ᠭᠠᠵᠠᠷ ᠳᠠᠷᠢᠶ᠎ᠠ ᠶᠢ ᠡᠵᠡᠯᠡᠬᠦ᠂ ᠳᠤᠷ᠎ᠠ ᠪᠠᠷ ᠢᠶᠠᠨ ᠮᠠᠯᠳᠠᠵᠦ ᠳᠠᠪᠠ ᠪᠠᠷ ᠢᠶᠠᠨ ᠮᠠᠯᠳᠠᠵᠦ ᠳᠠᠪᠠ ᠪᠠᠷ ᠢᠶᠠᠨ ᠨᠡᠭᠡᠭᠡᠬᠦ ᠬᠠᠷ᠎ᠠ ᠪᠦᠯᠦᠭᠳᠡᠨ ᠬᠠᠷᠬᠢᠰ ᠬᠦᠴᠦᠨ᠃        6᠂ ᠠᠷᠠᠯᠵᠢᠶ᠎ᠡ ᠬᠤᠳᠠᠯᠳᠤᠭᠠᠨ ᠤ ᠴᠤᠭᠯᠠᠭᠠᠨ᠂ ᠪᠦᠭᠡᠮᠯᠡᠬᠦ ᠵᠠᠬ᠎ᠠ ᠳᠡᠯᠭᠡᠬᠦᠷ᠂ ᠳᠡᠷᠭᠡᠨ ᠦᠷᠳᠡᠭᠡ᠂ ᠭᠠᠷᠠᠮ᠂ ᠵᠤᠭᠠᠴᠠᠯ ᠤᠨ ᠦᠵᠡᠮᠤᠷᠢ ᠶᠢᠨ ᠭᠠᠵᠠᠷ ᠲᠤ ᠠᠵᠢᠯ ᠨᠢᠭᠡᠳᠡᠨ ᠢᠶᠠᠨ ᠳᠠᠷᠤᠯᠠᠵᠦ ᠵᠠᠬ᠎ᠠ ᠳᠡᠯᠭᠡᠬᠦᠷ ᠢ ᠡᠵᠡᠷᠭᠡᠬᠦ᠂ ᠠᠯᠪᠠᠳᠡᠨ ᠬᠤᠳᠠᠯᠳᠤᠨ ᠠᠪᠬᠤ ᠪᠠ ᠬᠤᠳᠠᠯᠳᠤᠭᠠᠯᠠᠬᠤ ︽ᠬᠠᠮᠠᠭᠠᠯᠠᠯᠳᠠ ᠶᠢᠨ ᠰᠤᠶᠢᠳᠭᠡᠯ︾ ᠬᠤᠷᠢᠶᠠᠬᠤ ᠵᠡᠷᠭᠡ ᠶᠢᠨ ᠵᠠᠬ᠎ᠠ ᠳᠡᠯᠭᠡᠬᠦᠷ᠂ ᠠᠵᠢᠯ ᠳᠦᠷᠦᠯ ᠢ ᠡᠵᠡᠷᠭᠡᠬᠦ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ᠃        7᠂ ︽ᠱᠠᠯᠢᠭ ᠵᠠᠪᠬᠠᠢ ᠵᠤᠶᠢᠯᠠᠰ ᠢ ᠬᠢᠬᠦ᠂ ᠵᠤᠭᠤᠰ ᠨᠠᠭᠠᠳᠬᠤ ᠭᠠᠵᠠᠷ ᠭᠠᠷᠭᠠᠬᠤ᠂ ᠬᠤᠤᠷᠳᠤ ᠡᠳ᠋ ᠹᠠᠨᠽᠠᠯᠠᠵᠦ ᠳᠠᠳᠠᠬᠤ︾ ᠵᠡᠷᠭᠡ ᠶᠢ ᠡᠵᠡᠩᠨᠡᠬᠦ ᠪᠤᠶᠤ ᠡᠵᠡᠷᠭᠡᠬᠦ ᠶᠠᠯᠠᠳᠤ ᠠᠵᠢᠯᠯᠠᠭ᠎ᠠ ᠬᠢᠬᠦ ᠬᠠᠷ᠎ᠠ ᠪᠦᠯᠦᠭᠳᠡᠨ ᠬᠠᠷᠬᠢᠰ ᠬᠦᠴᠦᠨ᠃        8᠂ ᠬᠠᠤᠯᠢ ᠪᠤᠰᠤ ᠶᠢᠨ ᠦᠨᠳᠤᠷ ᠬᠦᠦ ᠲᠠᠢ ᠵᠢᠭᠡᠯᠡᠯᠭᠡ ᠳᠠᠯᠪᠢᠬᠤ᠂ ᠬᠦᠴᠦᠷᠭᠡᠭᠯᠡᠯ ᠢᠶᠠᠷ ᠨᠡᠭᠡᠬᠦ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ᠃         9᠂ ᠠᠷᠠᠳ ᠤᠨ ᠬᠤᠭᠤᠷᠤᠨᠳᠤᠬᠢ ᠵᠦᠷᠢᠴᠡᠯ ᠵᠢᠭᠤᠷᠠᠯᠳᠤᠭᠠᠨ ᠳᠤ ᠭᠠᠷ ᠳᠦᠷᠦᠨ᠂ ᠬᠠᠤᠯᠢ ᠪᠤᠰᠤ ᠪᠠᠷ ᠬᠠᠤᠯᠢ ᠬᠡᠷᠡᠭᠵᠢᠬᠦᠯᠦᠭᠴᠢ ᠪᠤᠯᠬᠤ ᠬᠠᠷ᠎ᠠ ᠪᠦᠯᠦᠭᠳᠡᠨ ᠬᠠᠷᠬᠢᠰ ᠬᠦᠴᠦᠨ᠃        10᠂ ᠬᠢᠯᠢ ᠶᠢᠨ ᠭᠠᠳᠠᠨᠠᠬᠢ ᠬᠠᠷ᠎ᠠ ᠪᠦᠯᠦᠭᠳᠡᠨ ᠤᠯᠤᠰ ᠤᠨ ᠳᠤᠳᠤᠭᠠᠳᠤ ᠳᠤ ᠨᠡᠪᠴᠢᠨ ᠤᠷᠤᠵᠦ ᠢᠷᠡᠬᠦ ᠪᠠ ᠤᠯᠤᠰ ᠠᠯᠤᠰᠯᠠᠬᠤ ᠬᠢᠯᠢ ᠠᠯᠤᠰᠯᠠᠬᠤ ᠬᠠᠷ᠎ᠠ ᠪᠦᠯᠦᠭᠳᠡᠨ ᠬᠠᠷᠬᠢᠰ ᠬᠦᠴᠦᠨ᠃        11᠂ ᠭᠠᠵᠠᠷ ᠳᠠᠷᠢᠶ᠎ᠡ ᠨᠤᠳᠤᠭ ᠪᠡᠯᠴᠢᠭᠡᠷ ᠳᠠᠭᠠᠭᠠᠴᠢᠯᠠᠬᠤ ᠳᠤ ᠬᠦᠴᠦᠷᠭᠡᠭᠯᠡᠯ ᠢᠶᠠᠷ ᠭᠠᠷ ᠳᠦᠷᠦᠵᠦ᠂ ᠬᠠᠤᠯᠢ ᠪᠤᠰᠤ ᠠᠷᠭ᠎ᠠ ᠪᠠᠷᠢᠯ ᠢᠶᠠᠷ ᠬᠠᠮᠤᠭ ᠤᠨ ᠶᠡᠭᠡ ᠠᠰᠢᠭ ᠳᠤᠰᠠ ᠶᠢ ᠤᠯᠬᠤ ᠬᠠᠷ᠎ᠠ ᠪᠦᠯᠦᠭᠳᠡᠨ ᠬᠠᠷᠬᠢᠰ ᠬᠦᠴᠦᠨ᠃        12᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤᠮᠳᠠ ᠮᠠᠭᠤ ᠰᠠᠨᠠᠭ᠎ᠠ ᠪᠠᠷ ᠦᠷᠢᠰᠤᠯᠳᠤᠬᠦ᠂ ᠢᠯᠡ ᠪᠠᠷ ᠤᠯᠤᠰ ᠤᠨ ᠦᠮᠴᠢᠯᠡᠯᠳᠤ ᠠᠭᠤᠷᠬᠠᠢ ᠶᠢᠨ ᠡᠬᠢ ᠪᠠᠯᠶᠠᠯᠢᠭ ᠢ ᠳᠦᠷᠢᠮᠡᠬᠡᠶᠢᠯᠡᠨ ᠡᠵᠡᠯᠡᠬᠦ ᠬᠠᠷ᠎ᠠ ᠪᠦᠯᠦᠭᠳᠡᠨ ᠬᠠᠷᠬᠢᠰ ᠬᠦᠴᠦᠨ᠃        13᠂ ᠠᠷᠠᠳ ᠤᠨ ᠳᠤᠮᠳᠠᠬᠢ ᠵᠢᠭᠡᠯᠡᠯᠭᠡ ᠶᠢᠨ ᠵᠦᠷᠢᠴᠡᠯᠳᠤᠬᠡᠨ ᠳᠤ ᠭᠠᠷ ᠳᠦᠷᠦᠨ ︽ᠭᠠᠵᠠᠷ ᠳᠤᠤᠷᠠᠬᠢ ᠬᠠᠤᠯᠢ ᠬᠡᠷᠡᠭᠵᠢᠬᠦᠯᠬᠦ ᠠᠩᠭᠢ︾᠂ ︽ᠦᠷᠢ ᠨᠡᠭᠡᠬᠦ ᠺᠤᠮᠫᠠᠨᠢ︾ ᠵᠤᠬᠢᠶᠠᠨ ᠪᠠᠶᠢᠭᠤᠯᠬᠤ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ᠃        14᠂ ᠬᠦᠳᠡᠭᠡ ᠳᠤᠰᠬᠤᠨ ᠤ ᠮᠠᠯ ᠳᠠᠷᠢᠶᠠᠯᠠᠩ ᠤᠨ ᠰᠡᠯᠡᠬᠦᠦ ᠴᠠᠭ ᠬᠤᠭᠤᠴᠠᠭᠠᠨ ᠳᠤ ᠵᠤᠭᠤᠰ ᠨᠠᠭᠠᠳᠬᠤ ᠶᠢ ᠵᠤᠬᠢᠶᠠᠨ ᠪᠠᠶᠢᠭᠤᠯᠬᠤ᠂ ᠵᠤᠭᠤᠰ ᠨᠠᠭᠠᠳᠬᠤ ᠭᠠᠵᠠᠷ ᠭᠠᠷᠭᠠᠨ ᠵᠤᠭᠤᠰ ᠵᠢᠭᠡᠯᠡᠨ ᠦᠭᠴᠦ ᠵᠤᠭᠤᠰ ᠨᠠᠭᠠᠳᠬᠤ ᠳᠤ ᠤᠷᠤᠯᠴᠠᠭᠤᠯᠬᠤ ᠬᠠᠷ᠎ᠠ ᠪᠦᠯᠦᠭᠳᠡᠨ ᠬᠠᠷᠬᠢᠰ ᠬᠦᠴᠦᠨ᠃        15᠂ ᠠᠳᠠᠯ ᠠᠬᠤᠢ ᠶᠢᠨ ᠬᠠᠮᠢᠶᠠᠷᠤᠯᠳᠠ ᠳᠤ ᠬᠠᠤᠯᠢ ᠪᠤᠰᠤ ᠠᠷᠭ᠎ᠠ ᠪᠠᠷᠢᠯ ᠢᠶᠠᠷ ᠭᠠᠷ ᠳᠦᠷᠦᠨ᠂ ᠰᠠᠭᠤᠭᠠᠯᠢ ᠳᠤᠭᠤᠷᠢᠭ ᠤᠨ ᠵᠠᠰᠠᠯ ᠴᠢᠮᠡᠭᠡᠯᠡᠯ ᠪᠠ ᠮᠠᠲ᠋ᠧᠷᠢᠶᠠᠯ ᠤᠨ ᠬᠠᠩᠭᠠᠯᠳᠠ ᠶᠢ ᠡᠵᠡᠷᠭᠡᠬᠦ ︽ᠬᠠᠤᠯᠢ ᠪᠤᠰᠤ ᠠᠮᠤᠷ ᠢ ᠬᠠᠮᠠᠭᠠᠯᠠᠬᠤ ᠠᠵᠢᠯᠳᠡᠨ︾ ᠢ ᠬᠦᠯᠦᠰᠦᠯᠡᠨ᠂ ᠰᠠᠭᠤᠭᠠᠯᠢ ᠠᠷᠠᠳ ᠢ ᠳᠠᠷᠤᠯᠠᠨ ᠮᠦᠯᠵᠢᠬᠦ ᠬᠠᠷ᠎ᠠ ᠪᠦᠯᠦᠭᠳᠡᠨ ᠬᠠᠷᠬᠢᠰ ᠬᠦᠴᠦᠨ᠃        16᠂ ᠰᠦᠯᠵᠢᠶᠡᠨ ᠳᠡᠭᠡᠷᠡᠬᠢ ︽ᠰᠦᠷᠬᠦ ᠬᠦᠴᠦᠨ︾ ᠢ ᠵᠤᠬᠢᠶᠠᠨ ᠪᠠᠶᠢᠭᠤᠯᠬᠤ ᠪᠤᠶᠤ ᠬᠦᠯᠦᠰᠦᠯᠡᠨ ᠰᠦᠯᠵᠢᠶᠡᠨ ᠳᠡᠭᠡᠷ᠎ᠡ ᠰᠦᠷᠳᠡᠬᠦᠯᠬᠦ᠂ ᠳᠤᠷᠤᠮᠵᠢᠯᠠᠬᠤ᠂ ᠬᠦᠳᠭᠡᠬᠦ᠂ ᠳᠤᠶᠢᠪᠡᠭᠡᠬᠦ ᠬᠠᠷ᠎ᠠ ᠪᠦᠯᠦᠭᠳᠡᠨ ᠬᠠᠷᠬᠢᠰ ᠬᠦᠴᠦᠨ ᠢ ᠵᠤᠬᠢᠶᠠᠨ ᠪᠠᠶᠢᠭᠤᠯᠬᠤ ᠪᠤᠶᠤ ᠳᠡᠳᠡᠨ ᠢ ᠬᠦᠯᠦᠰᠦᠯᠡᠵᠦ ᠠᠰᠢᠭᠯᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ᠃        17᠂ ᠠᠮᠢ ᠠᠬᠤᠢ ᠤᠷᠴᠢᠨ ᠳᠤᠭᠤᠷᠢᠨ ᠤ ᠬᠦᠷᠢᠶᠡᠨ ᠳᠠᠬᠢ ᠡᠪᠳᠡᠯᠡᠭᠡ ᠬᠢᠭᠴᠢ ᠬᠠᠷ᠎ᠠ ᠪᠦᠯᠦᠭᠳᠡᠨ ᠬᠠᠷᠬᠢᠰ ᠬᠦᠴᠦᠨ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号