ᠳᠤᠮᠳᠠᠳᠤ ᠪᠠᠭ᠎ᠠ ᠰᠤᠷᠭᠠᠭᠤᠯᠢ ᠨᠤᠭᠤᠳ ᠲᠤ᠄ | ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠬᠠᠤᠯᠢ︾ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ | ᠬᠦᠮᠦᠵᠢᠯ ᠢ ᠠᠬᠢᠭᠤᠯᠬᠤ ᠬᠠᠤᠯᠢ︾ ︽2019 ᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ | ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ ᠳᠤᠬᠠᠢ ᠰᠤᠷᠭᠠᠨ ᠬᠦᠮᠦᠵᠢᠯ ᠤᠨ ᠶᠠᠮᠤᠨ ᠤ | ᠮᠡᠳᠡᠭᠳᠡᠯ ︾ ︵ᠰᠤᠷᠭᠠᠨ ᠬᠦᠮᠦᠵᠢᠯ ᠤᠨ ᠰᠠᠭᠤᠷᠢ ᠳᠢᠩᠭᠢᠮ ﹇2019﹈ 1 ᠳ᠋ᠤᠭᠡᠷ ᠳᠤᠭᠠᠳᠤ︶ ︽ᠪᠤᠭᠤᠳᠤ | ᠬᠤᠳᠠ ᠶᠢᠨ ᠰᠤᠷᠭᠠᠨ ᠬᠦᠮᠦᠵᠢᠯ ᠤᠨ ᠳᠤᠪᠴᠢᠶ᠎ᠡ ᠶᠢᠨ 2019 ᠤᠨ ᠤ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ ᠳᠤᠬᠠᠢ ᠵᠢᠯᠤᠭᠤᠳᠬᠤ | ᠰᠠᠨᠠᠯ︾ ︵ᠪᠤᠭᠤᠳᠤ ᠶᠢᠨ ᠰᠤᠷᠭᠠᠨ ᠬᠦᠮᠦᠵᠢᠯ ᠳᠠᠷᠬᠠᠭᠠᠭᠰᠠᠨ ﹇2019﹈ 26 ᠳ᠋ᠤᠭᠠᠷ ᠳᠤᠭᠠᠳᠤ︶ ᠵᠡᠷᠭᠡ | ᠬᠠᠤᠯᠢ ᠴᠠᠭᠠᠵᠠ ᠬᠠᠤᠯᠢ ᠳᠤᠭᠳᠠᠭᠠᠯ ᠵᠢᠴᠢ ᠬᠠᠮᠢᠶ᠎ᠡ ᠪᠦᠬᠦᠢ ᠳᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠤᠨ | ᠵᠤᠷᠢᠭ ᠰᠠᠨᠠᠭ᠎ᠠ ᠶᠢ ᠦᠨᠳᠤᠰᠦᠯᠡᠵᠦ᠂ ᠰᠢᠭᠤᠶᠢᠳᠤ ᠳᠤᠭᠤᠷᠢᠭ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ | ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠰᠠᠶᠢᠳᠤᠷ | ᠬᠢᠬᠦ ᠳᠤᠬᠠᠢ ᠳᠤᠰ ᠬᠡᠷᠡᠭᠵᠢᠬᠦᠯᠬᠦ ᠰᠠᠨᠠᠯ ᠢ ᠳᠤᠭᠳᠠᠭᠠᠪᠠ᠂ ᠵᠢᠷᠤᠮᠯᠡᠨ ᠬᠡᠷᠡᠭᠵᠢᠬᠦᠯᠳᠤᠭᠡᠢ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠦᠷ᠎ᠡ ᠪᠦᠳᠦᠭᠡᠯ ᠢ ᠪᠠᠬᠢᠵᠢᠬᠦᠯᠵᠦ᠂ ᠠᠯᠪᠡᠨ ᠵᠢᠷᠦᠮ ᠤᠨ ᠰᠤᠷᠭᠠᠨ ᠬᠦᠮᠦᠵᠢᠯ ᠤᠨ | ᠬᠠᠮᠢᠶᠠᠷᠤᠯᠳᠠ ᠶᠢᠨ ᠳᠦᠪᠰᠢᠨ ᠢ ᠳᠡᠭᠡᠭᠰᠢᠯᠡᠬᠦᠯᠦᠨ᠎ᠡ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠤᠭᠳᠠᠭᠠᠯ ᠢ | ᠦᠨᠳᠦᠰᠦᠯᠡᠨ᠂ ᠠᠯᠪᠡᠨ ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠰᠤᠷᠤᠭᠴᠢ ᠡᠯᠰᠠᠵᠦ | ᠰᠤᠷᠭᠠᠭᠤᠯᠢ ᠳᠤ ᠤᠷᠤᠭᠤᠯᠬᠤ ᠠᠵᠢᠯ ᠢ ᠬᠡᠷᠡᠭᠵᠢᠬᠦᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ | ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯᠯᠠᠭ᠎ᠠ ᠶᠢ ᠵᠢᠷᠦᠮᠵᠢᠭᠤᠯᠵᠦ᠂ ᠳᠤᠭᠤᠷᠢᠭ ᠤᠨ ᠠᠯᠪᠠᠨ ᠵᠢᠷᠦᠮ ᠤᠨ | ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠳᠤ ᠤᠷᠤᠬᠤ ᠠᠵᠢᠯ ᠤᠨ ᠡᠮᠬᠢ ᠵᠢᠷᠦᠮ ᠲᠠᠢ ᠶᠠᠪᠤᠭᠳᠠᠬᠤ ᠶᠢ | ᠦᠨᠡᠨᠬᠦ ᠪᠠᠳᠤᠯᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶᠂ ︽ᠬᠠᠷᠢᠶ᠎ᠠ ᠤᠷᠤᠨ ᠳᠤᠨᠢ ᠬᠠᠮᠢᠶᠠᠷᠤᠭᠤᠯᠵᠦ᠂ ᠰᠢᠶᠠᠨ ᠢᠶᠠᠷ ᠭᠤᠤᠯ ᠪᠤᠯᠭᠠᠬᠤ︾ ᠵᠠᠷᠴᠢᠮ ᠢ | ᠪᠠᠷᠢᠮᠳᠠᠯᠠᠨ᠎ᠠ᠃ | ︵ᠬᠤᠶᠠᠷ︶᠂ ︽ᠨᠢᠭᠡᠳᠤᠯᠳᠠᠢ ᠳᠦᠯᠦᠪᠵᠢᠬᠦᠯᠵᠦ᠂ ᠳᠠᠩᠴᠠᠬᠦᠷᠢᠳᠡᠢ ᠬᠦᠭᠵᠢᠬᠦᠯᠬᠦ︾ ᠵᠠᠷᠴᠢᠮ ᠢ ᠪᠠᠷᠢᠮᠳᠠᠯᠠᠨ᠎ᠠ᠃ | ︵ᠭᠤᠷᠪᠠ︶᠂ ︽ᠰᠢᠯᠭᠠᠬᠤ ᠦᠭᠡᠢ ᠪᠠᠷ ᠭᠡᠷ ᠤᠶᠢᠷᠠᠯᠴᠠᠭ᠎ᠠ ᠰᠤᠷᠭᠠᠭᠤᠯᠢ ᠳᠤ ᠤᠷᠤᠬᠤ︾ ᠪᠠ ᠨᠢᠭᠡᠳᠤᠯᠳᠠᠢ | ᠳᠤᠬᠢᠷᠠᠭᠤᠯᠬᠤ ᠵᠠᠷᠴᠢᠮ ᠢ ᠪᠠᠷᠢᠮᠳᠠᠯᠠᠨ᠎ᠠ᠃ | ︵ᠳᠦᠷᠪᠡ︶᠂ ᠢᠯᠡ᠂ ᠡᠷᠭᠡ ᠳᠡᠭᠰᠢ᠂ ᠳᠦᠪ ᠭᠤᠤᠯᠴᠢ ᠪᠠᠶᠢᠬᠤ ᠵᠠᠷᠴᠢᠮ ᠢ ᠪᠠᠷᠢᠮᠳᠠᠯᠠᠨ᠎ᠠ᠃ | ᠭᠤᠷᠪᠠ᠂ ᠰᠤᠷᠤᠭᠴᠢ ᠡᠯᠰᠡᠬᠦ ᠳᠦᠯᠦᠪᠯᠡᠭᠡ | ︵ᠨᠢᠭᠡ︶᠂ ᠪᠠᠭ᠎ᠠ ᠰᠤᠷᠭᠠᠭᠤᠯᠢ ᠶᠢᠨ ᠨᠢᠭᠡᠳᠤᠭᠡᠷ ᠤᠨ | ᠰᠢᠨ᠎ᠡ ᠰᠢᠭᠤᠶᠢᠳᠤ ᠪᠠᠭ᠎ᠠ ᠰᠤᠷᠭᠠᠭᠤᠯᠢ ᠳᠤ 50 ᠰᠤᠷᠤᠭᠴᠢ ᠡᠯᠰᠠᠵᠦ᠂ ᠮᠤᠩᠭᠤᠯ ᠦᠨᠳᠦᠰᠦᠳᠡᠨ ᠤ | ᠪᠠᠭ᠎ᠠ ᠰᠤᠷᠭᠠᠭᠤᠯᠢ ᠳᠤ 80 ᠰᠤᠷᠤᠭᠴᠢ ᠡᠯᠰᠡᠬᠦ ᠪᠠᠷ ᠳᠦᠯᠦᠪᠯᠡᠵᠦ ᠪᠤᠢ᠃ | ︵ᠬᠤᠶᠠᠷ︶᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠤᠭᠡᠷ ᠤᠨ | ᠰᠢᠭᠤᠶᠢᠳᠤ ᠳᠤᠭᠤᠷᠢᠭ ᠤᠨ ᠨᠢᠭᠡᠳᠤᠭᠡᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ | ᠰᠤᠷᠭᠠᠭᠤᠯᠢ ᠶᠢᠨ ᠨᠢᠭᠡᠳᠤᠭᠡᠷ ᠤᠨ ᠳᠤ 100 ᠰᠤᠷᠤᠭᠴᠢ ᠡᠯᠰᠡᠬᠦ ᠪᠠᠷ ᠳᠦᠯᠦᠪᠯᠡᠵᠦ ᠪᠤᠢ᠃ | ︵ᠭᠤᠷᠪᠠ︶᠂ ᠠᠷᠠᠳ ᠠᠴᠠ ᠡᠷᠬᠢᠯᠡᠭᠰᠡᠨ ᠰᠤᠷᠭᠠᠭᠤᠯᠢ | ᠰᠢᠭᠤᠶᠢᠳᠤ ᠳᠤᠭᠤᠷᠢᠭ ᠤᠨ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠳᠤᠰ ᠪᠡᠶ᠎ᠡ ᠶᠢᠨ | ᠨᠦᠬᠦᠴᠡᠯ ᠢᠶᠠᠨ ᠦᠨᠳᠦᠰᠦᠯᠡᠨ ᠰᠤᠷᠤᠭᠴᠢ ᠡᠯᠰᠡᠬᠦ ᠬᠦᠮᠦᠨ ᠤ ᠳᠤᠭ᠎ᠠ ᠶᠢ ᠳᠤᠭᠳᠠᠭᠠᠬᠤ ᠶᠢᠨ ᠬᠠᠮᠳᠤ᠂ | ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶᠡᠨ ᠳᠤ ᠭᠤᠶᠤᠴᠢᠯᠠᠯ ᠭᠠᠷᠭᠠᠵᠦ᠂ ᠬᠢᠨᠠᠨ ᠳᠤᠭᠳᠠᠭᠠᠭᠰᠠᠨ ᠤ | ᠳᠠᠷᠠᠭ᠎ᠠ ᠰᠤᠷᠤᠭᠴᠢ ᠡᠯᠰᠡᠬᠦ ᠬᠡᠷᠡᠭᠳᠡᠢ᠃ | ᠳᠦᠷᠪᠡ᠂ ᠰᠤᠷᠤᠭᠴᠢ ᠡᠯᠰᠡᠬᠦ ᠳ᠋ᠦᠢᠰᠢᠶᠠᠩ ᠪᠠ ᠬᠡᠪᠴᠢᠶ᠎ᠡ | ︵ᠨᠢᠭᠡ︶᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢ ᠡᠯᠰᠡᠬᠦ ᠬᠠᠷᠠᠭᠠᠯᠵᠠᠯ ᠤᠨ | ᠳᠦᠷᠦ ᠶᠢᠨ ᠪᠤᠳᠤᠯᠭ᠎ᠠ ᠶᠢᠨ ᠳᠤᠬᠠᠢ ᠳᠤᠭᠳᠠᠭᠠᠯ | 1᠂ ᠦᠪᠡᠷᠳᠡᠭᠡᠨ ᠵᠠᠰᠠᠬᠤ ᠤᠷᠤᠨ ᠤ ᠴᠡᠷᠢᠭ ᠪᠠ ᠭᠠᠯ ᠤᠨᠳᠠᠷᠭᠠᠬᠤ ᠠᠪᠤᠷᠠᠨ ᠳᠤᠰᠠᠯᠠᠭᠴᠢ ᠶᠢᠨ ᠦᠷ᠎ᠡ | ᠬᠡᠤᠬᠡᠳ ᠪᠠᠭᠳᠠᠨ᠎ᠠ᠃ | 2᠂ ᠰᠢᠶᠠᠩᠭᠠᠩ ᠤᠤᠮᠧᠨ ᠳᠠᠶᠢᠸᠠᠨ ᠤ ᠠᠬ᠎ᠠ ᠳᠡᠬᠦᠦ ᠨᠠᠷ ᠤᠨ ᠦᠷ᠎ᠡ ᠬᠡᠤᠬᠡᠳ᠂ ᠤᠯᠤᠰ ᠲᠤ ᠪᠠᠨ | ᠪᠤᠴᠠᠵᠦ ᠢᠷᠡᠭᠰᠡᠨ ᠳᠤᠮᠳᠠᠳᠤ ᠶᠢᠨ ᠬᠠᠷᠢᠶᠠᠳᠤ ᠨᠠᠷ ᠤᠨ ᠦᠷ᠎ᠡ ᠬᠡᠤᠬᠡᠳ᠂ ᠭᠠᠳᠠᠭᠠᠳᠤ ᠶᠢᠨ ᠬᠠᠷᠢᠶ᠎ᠠ ᠲᠠᠢ | ᠬᠦᠮᠦᠰ ᠤᠨ ᠵᠤᠬᠢᠬᠤ ᠨᠠᠰᠤᠨ ᠤ ᠦᠷ᠎ᠡ ᠬᠡᠤᠬᠡᠳ ᠪᠠᠭᠳᠠᠨ᠎ᠠ᠃ | 3᠂ ᠰᠢᠭᠤᠶᠢᠳᠤ ᠳᠤᠭᠤᠷᠢᠭ ᠲᠤ ᠪᠡᠯᠡ ᠤᠷᠤᠭᠤᠯᠤᠯᠳᠠ ᠶᠢᠨ ᠴᠢᠬᠤᠯᠠ ᠶᠡᠭᠡ ᠳᠦᠰᠦᠯ ᠪᠦᠬᠦᠢ ᠪᠡᠯᠡ | ᠤᠷᠤᠭᠤᠯᠤᠭᠴᠢ ᠪᠠᠨ ᠳᠠᠭᠠᠵᠦ ᠨᠡᠬᠦᠭᠰᠡᠨ ᠦᠷ᠎ᠡ ᠬᠡᠤᠬᠡᠳ᠂ ᠰᠢᠭᠤᠶᠢᠳᠤ ᠳᠤᠭᠤᠷᠢᠭ ᠤᠨ ᠠᠵᠦ ᠠᠬᠤᠢ | ᠨᠡᠶᠢᠭᠡᠮ ᠤᠨ ᠬᠦᠭᠵᠢᠯᠳᠡ ᠳᠤ ᠤᠨᠴᠠᠭᠠᠢ ᠬᠤᠪᠢ ᠨᠡᠮᠡᠷᠢ ᠦᠵᠡᠬᠦᠯᠦᠭᠰᠡᠨ ᠬᠦᠮᠦᠰ ᠤᠨ ᠦᠷ᠎ᠡ ᠬᠡᠤᠬᠡᠳ ᠪᠠᠭᠳᠠᠨ᠎ᠠ᠃ | | 4᠂ ᠰᠢᠭᠤᠶᠢᠳᠤ ᠳᠤᠭᠤᠷᠢᠭ ᠤᠨ ᠰᠤᠷᠭᠠᠨ ᠬᠦᠮᠦᠵᠢᠯ ᠤᠨ ᠤᠶᠢᠯᠡᠰ ᠤᠨ ᠬᠦᠭᠵᠢᠯᠳᠡ ᠶᠢ ᠳᠡᠮᠵᠢᠵᠦ᠂ | ᠬᠤᠪᠢ ᠨᠡᠮᠡᠷᠢ ᠦᠵᠡᠭᠦᠯᠦᠭᠰᠡᠨ ᠬᠦᠮᠦᠰ ᠤᠨ ᠦᠷ᠎ᠡ ᠬᠡᠤᠬᠡᠳ ᠪᠠᠭᠳᠠᠨ᠎ᠠ᠃ | ︵ᠬᠤᠶᠠᠷ︶᠂ ᠪᠠᠭ᠎ᠠ ᠰᠤᠷᠭᠠᠭᠤᠯᠢ ᠶᠢᠨ ᠨᠢᠭᠡᠳᠤᠭᠡᠷ ᠤᠨ ᠤ ᠰᠤᠷᠤᠭᠴᠢ ᠡᠯᠰᠡᠬᠦ ᠳ᠋ᠦᠢᠰᠢᠶᠠᠩ ᠪᠠ ᠬᠡᠪᠴᠢᠶ᠎ᠡ | 1᠂ ᠪᠦᠬᠦᠯᠢ 6 ᠨᠠᠰᠤ ︵2013 ᠤᠨ ᠤ 8 ᠰᠠᠷ᠎ᠠ ᠶᠢᠨ 31 ᠤ ᠡᠳᠤᠷ ᠠᠴᠠ ᠡᠮᠤᠨ᠎ᠡ ᠳᠦᠷᠦᠭᠰᠡᠨ︶ | ᠰᠢᠭᠤᠶᠢᠳᠤ ᠳᠤᠭᠤᠷᠢᠭ ᠤᠨ ᠡᠷᠦᠭᠡ ᠠᠮᠠ ᠶᠢᠨ ᠳᠠᠩᠰᠠ ᠲᠠᠢ ᠰᠤᠷᠭᠠᠭᠤᠯᠢ ᠳᠤ ᠤᠷᠤᠬᠤ ᠨᠠᠰᠤᠨ ᠤ ᠬᠡᠤᠬᠡᠳ | ᠪᠠᠭᠳᠠᠨ᠎ᠠ᠃ | 2᠂ ᠪᠦᠬᠦᠯᠢ 6 ᠨᠠᠰᠤ ︵2013 ᠤᠨ ᠤ 8 ᠰᠠᠷ᠎ᠠ ᠶᠢᠨ 31 ᠤ ᠡᠳᠤᠷ ᠠᠴᠠ ᠡᠮᠤᠨ᠎ᠡ ᠳᠦᠷᠦᠭᠰᠡᠨ︶ | ᠮᠦᠷᠳᠡᠭᠡᠨ ᠬᠠᠮᠢᠶ᠎ᠡ ᠪᠦᠬᠦᠢ ᠨᠦᠬᠦᠴᠡᠯ ᠳᠤ ᠨᠡᠶᠢᠴᠡᠭᠰᠡᠨ ᠭᠠᠳᠡᠨ᠎ᠡ ᠠᠴᠠ ᠢᠷᠡᠵᠦ ᠠᠵᠢᠯ ᠬᠦᠳᠡᠯᠮᠤᠷᠢ ᠬᠢᠵᠦ | ᠪᠠᠶᠢᠭ᠎ᠠ ᠬᠦᠮᠦᠰ ᠤᠨ ᠳᠠᠭᠠᠵᠦ ᠨᠡᠬᠦᠭᠰᠡᠨ ᠦᠷ᠎ᠡ ᠬᠡᠤᠬᠡᠳ ᠪᠠᠭᠳᠠᠨ᠎ᠠ᠃ | 3᠂ ᠰᠤᠷᠬᠤ ᠨᠠᠰᠤᠨ ᠤ ᠵᠡᠮᠳᠡᠭ ᠬᠡᠤᠬᠡᠳ ᠪᠠᠭᠳᠠᠨ᠎ᠠ᠃ | 4᠂ ᠠᠰᠠᠷᠠᠨ ᠬᠠᠷᠠᠭᠠᠯᠵᠠᠬᠤ ᠳᠦᠷᠦ ᠶᠢᠨ ᠪᠤᠳᠤᠯᠭ᠎ᠠ ᠶᠢ ᠬᠦᠷᠳᠡᠭᠰᠡᠳ ᠤᠨ ᠰᠤᠷᠬᠤ ᠨᠠᠰᠤᠨ ᠤ ᠦᠷ᠎ᠡ | ᠬᠡᠤᠬᠡᠳ ᠪᠠᠭᠳᠠᠨ᠎ᠠ᠃ | ︵ᠭᠤᠷᠪᠠ︶᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠤᠭᠡᠷ ᠤᠨ ᠤ ᠰᠤᠷᠤᠭᠴᠢ ᠡᠯᠰᠡᠬᠦ | ᠳ᠋ᠦᠢᠰᠢᠶᠠᠩ ᠪᠠ ᠬᠡᠪᠴᠢᠶ᠎ᠡ | 1᠂ ᠰᠢᠭᠤᠶᠢᠳᠤ ᠳᠤᠭᠤᠷᠢᠭ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠬᠠᠷᠢᠶ᠎ᠠ ᠳᠤ | ᠪᠠᠶᠢᠭ᠎ᠠ ᠳᠡᠬᠦᠰᠦᠭᠰᠡᠨ ᠰᠤᠷᠤᠭᠴᠢ ᠪᠠᠭᠳᠠᠨ᠎ᠠ᠃ | 2᠂ ᠰᠢᠭᠤᠶᠢᠳᠤ ᠳᠤᠭᠤᠷᠢᠭ ᠤᠨ ᠡᠷᠦᠭᠡ ᠠᠮᠠ ᠶᠢᠨ ᠳᠠᠩᠰᠠ ᠲᠠᠢ ᠭᠠᠳᠠᠷ ᠤᠷᠤᠨ ᠳᠤ ᠰᠤᠷᠤᠯᠴᠠᠵᠦ | ᠪᠠᠶᠢᠭ᠎ᠠ ᠪᠠᠭ᠎ᠠ ᠰᠤᠷᠭᠠᠭᠤᠯᠢ ᠳᠡᠬᠦᠰᠦᠭᠰᠡᠨ ᠰᠤᠷᠤᠭᠴᠢ ᠪᠠᠭᠳᠠᠨ᠎ᠠ᠃ | 3᠂ ᠨᠦᠬᠦᠴᠡᠯ ᠳᠤ ᠨᠡᠶᠢᠴᠡᠬᠦ ᠭᠠᠳᠠᠨ᠎ᠠ ᠠᠴᠠ ᠢᠷᠡᠵᠦ ᠠᠵᠢᠯ ᠬᠦᠳᠡᠯᠮᠤᠷᠢ ᠬᠢᠵᠦ ᠪᠠᠶᠢᠭ᠎ᠠ ᠬᠦᠮᠦᠰ ᠤᠨ | ᠳᠠᠭᠠᠵᠦ ᠨᠡᠬᠦᠭᠰᠡᠨ ᠦᠷ᠎ᠡ ᠬᠡᠤᠬᠡᠳ ᠪᠠᠭᠳᠠᠨ᠎ᠠ᠃ | 4᠂ ᠰᠤᠷᠬᠤ ᠨᠠᠰᠤᠨ ᠤ ᠵᠡᠮᠳᠡᠭ ᠵᠠᠯᠠᠭᠤᠴᠤᠳ ᠪᠠᠭᠠᠴᠤᠳ ︵ᠪᠦᠬᠦᠯᠢ 18 ᠨᠠᠰᠤ ᠵᠢᠴᠢ ᠳᠡᠬᠦᠨ ᠠᠴᠠ | ᠪᠠᠭ᠎ᠠ︶ | 5᠂ ᠠᠰᠠᠷᠠᠨ ᠬᠠᠷᠠᠭᠠᠯᠵᠠᠬᠤ ᠳᠦᠷᠦ ᠶᠢᠨ ᠪᠤᠳᠤᠯᠭ᠎ᠠ ᠶᠢ ᠬᠦᠷᠳᠡᠭᠰᠡᠳ ᠤᠨ ᠰᠤᠷᠬᠤ ᠨᠠᠰᠤᠨ ᠤ ᠦᠷ᠎ᠡ | ᠬᠡᠤᠬᠡᠳ ᠪᠠᠭᠳᠠᠨ᠎ᠠ᠃ | ᠳᠠᠪᠤ᠂ ᠰᠤᠷᠤᠭᠴᠢ ᠡᠯᠰᠡᠬᠦ ᠠᠷᠭ᠎ᠠ ᠪᠠ ᠵᠢᠷᠦᠮ | ︵ᠨᠢᠭᠡ︶᠂ ᠰᠤᠷᠤᠭᠴᠢ ᠡᠯᠰᠡᠬᠦ ᠠᠷᠭ᠎ᠠ | 1᠂ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ | ᠳᠤᠭᠤᠷᠢᠭ ᠤᠨ ᠡᠷᠦᠭᠡ ᠠᠮᠠ ᠶᠢᠨ ᠳᠠᠩᠰᠠ ᠲᠠᠢ ᠪᠦᠭᠡᠳ ᠡᠷᠦᠭᠡ ᠠᠮᠠ ᠶᠢᠨ ᠳᠠᠩᠰᠠ ᠨᠢ ᠪᠤᠳᠠᠳᠠᠢ | ᠰᠠᠭᠤᠭ᠎ᠠ ᠭᠠᠨᠵᠷ ᠲᠠᠢ ᠠᠳᠠᠯᠢᠬᠠᠨ ᠰᠤᠷᠭᠠᠭᠤᠯᠢ ᠳᠤ ᠤᠷᠤᠬᠤ ᠨᠠᠰᠤᠨ ᠤ ᠬᠡᠤᠬᠡᠳ ︵ᠳᠡᠬᠦᠨ ᠤ ᠬᠠᠤᠯᠢ ᠳᠤ | ᠳᠤᠭᠳᠠᠭᠠᠭᠰᠠᠨ ᠬᠢᠨᠠᠨ ᠬᠠᠮᠠᠭᠠᠯᠠᠭᠴᠢ ᠨᠢ ᠡᠷᠤᠭᠡ ᠶᠢᠨ ᠡᠵᠡᠨ ᠪᠤᠯᠤᠨ᠎ᠠ︶ ᠢ ᠤᠷᠢᠳ ᠢᠶᠠᠷ ᠳᠤᠬᠢᠷᠠᠭᠤᠯᠵᠦ ᠭᠡᠷ | ᠬᠠᠪᠢ ᠳᠤ ᠪᠠᠨ ᠰᠤᠷᠭᠠᠭᠤᠯᠢ ᠳᠤ ᠤᠷᠤᠭᠤᠯᠬᠤ ᠶᠢᠨ ᠳᠠᠷᠠᠭ᠎ᠠ᠂ ᠳᠠᠩᠰᠠᠯᠠᠭᠤᠯᠤᠭᠰᠠᠨ ᠰᠤᠷᠭᠠᠭᠤᠯᠢ ᠳᠤ ᠤᠷᠤᠬᠤ | ᠬᠦᠮᠦᠨ ᠤ ᠳᠤᠭ᠎ᠠ ᠪᠠ ᠰᠤᠷᠭᠠᠭᠤᠯᠢ ᠶᠢᠨ ᠰᠤᠷᠤᠭᠴᠢ ᠡᠯᠰᠡᠬᠦ ᠬᠡᠪᠴᠢᠶ᠎ᠡ ᠶᠢ ᠦᠨᠳᠦᠰᠦᠯᠡᠨ ᠬᠠᠷᠢᠶ᠎ᠡ ᠳᠤᠭᠤᠷᠢᠭ ᠤᠨ | ᠳᠤᠳᠤᠷ᠎ᠠ ᠪᠤᠰᠤᠳ ᠰᠤᠷᠭᠠᠭᠤᠯᠢ ᠶᠢ ᠤᠷᠤᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠤᠷᠤᠬᠤ ᠶᠢ ᠨᠢᠭᠡᠳᠤᠯᠳᠠᠢ | ᠳᠦᠯᠦᠪᠯᠡᠨ ᠳᠤᠬᠢᠷᠠᠭᠤᠯᠤᠨ᠎ᠠ᠃ | 2᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ | ︵1︶᠂ ᠰᠢᠭᠤᠶᠢᠳᠤ ᠳᠤᠭᠤᠷᠢᠭ ᠤᠨ ᠨᠢᠭᠡᠳᠤᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ | ᠰᠢᠭᠤᠶᠢᠳᠤ ᠳᠤᠭᠤᠷᠢᠭ ᠤᠨ ᠰᠤᠷᠭᠠᠭᠤᠯᠢ ᠳᠤ ᠪᠠᠶᠢᠭ᠎ᠠ ᠬᠠᠷᠢᠶ᠎ᠠ ᠳᠤ ᠪᠠᠶᠢᠭ᠎ᠠ ᠪᠠᠭ᠎ᠠ ᠰᠤᠷᠭᠠᠭᠤᠯᠢ | ᠳᠡᠬᠦᠰᠦᠭᠰᠡᠨ ᠰᠤᠷᠤᠭᠴᠢᠳ ᠰᠢᠭᠤᠶᠢᠳᠤ ᠳᠤᠭᠤᠷᠢᠭ ᠤᠨ ᠨᠢᠭᠡᠳᠤᠭᠡᠷ ᠳᠤᠮᠳᠠᠳᠤ ᠰᠤᠷᠭᠠᠭᠤᠯᠢ ᠳᠤ ᠰᠢᠭᠤᠳ | ᠤᠷᠤᠵᠦ᠂ ᠰᠢᠨ᠎ᠡ ᠰᠢᠭᠤᠶᠢᠳᠤ ᠪᠠᠭ᠎ᠠ ᠰᠤᠷᠭᠠᠭᠤᠯᠢ ᠪᠠ ᠰᠢᠭᠤᠶᠢᠳᠤ ᠳᠤᠭᠤᠷᠢᠭ ᠤᠨ ᠮᠤᠩᠭᠤᠯ ᠦᠨᠳᠦᠰᠦᠳᠡᠨ ᠤ | ᠪᠠᠭ᠎ᠠ ᠰᠤᠷᠭᠠᠭᠤᠯᠢ ᠱᠠᠭᠠᠷᠳᠠᠯᠭ᠎ᠠ ᠶᠤᠰᠤᠭᠠᠷ ᠰᠤᠷᠤᠭᠴᠢᠳ ᠢ ᠵᠤᠬᠢᠶᠠᠨ ᠪᠠᠶᠢᠭᠤᠯᠵᠦ ︽ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠪᠦᠷᠢᠳᠭᠡᠯ ᠤᠨ ᠬᠦᠰᠦᠨᠦᠭᠳᠤ︾ ᠶᠢ ᠳᠠᠭᠯᠠᠬᠤ ᠶᠢᠨ ᠬᠠᠮᠳᠤ | ᠰᠤᠷᠭᠠᠨ ᠬᠦᠮᠦᠵᠢᠯ ᠤᠨ ᠳᠤᠪᠴᠢᠶᠡᠨ ᠤ ᠰᠤᠷᠭᠠᠨ ᠬᠦᠮᠦᠵᠢᠯ ᠤᠨ ᠰᠲ᠋ᠤᠺ ᠢ ᠳᠡᠭᠡᠭᠰᠢ ᠮᠡᠳᠡᠬᠦᠯᠦᠨ᠎ᠡ᠃ | ︵2︶᠂ ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ | ᠡᠯᠰᠡᠬᠦ | ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ︽ᠨᠡᠷ᠎ᠡ ᠮᠡᠳᠡᠬᠦᠯᠵᠦ | ᠳᠠᠨᠰᠠᠯᠠᠭᠤᠯᠬᠤ᠂ ᠰᠢᠯᠭᠠᠬᠤ ᠦᠭᠡᠢ ᠪᠠᠷ ᠰᠤᠷᠭᠠᠭᠤᠯᠢ ᠳᠤ ᠤᠷᠤᠬᠤ︾ ᠵᠠᠷᠴᠢᠮ ᠶᠤᠰᠤᠭᠠᠷ ᠪᠡᠶ᠎ᠡ ᠪᠠᠨ ᠳᠠᠭᠠᠭᠠᠵᠦ | ᠰᠤᠷᠤᠭᠴᠢ ᠡᠯᠰᠡᠨ᠎ᠡ᠃ ᠪᠠᠶᠢᠷᠢ ᠳᠤ ᠰᠠᠭᠤᠬᠤ ᠨᠦᠬᠦᠴᠡᠯ ᠲᠠᠢ ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠨᠢ ᠪᠦᠬᠦ ᠬᠤᠳᠠ ᠠᠴᠠ ᠪᠠᠶᠢᠷᠢ ᠰᠠᠭᠤᠬᠤ ᠰᠤᠷᠤᠭᠴᠢ ᠡᠯᠰᠡᠵᠦ ᠪᠤᠯᠤᠨ᠎ᠠ᠃ | ︵3︶᠂ ᠠᠰᠠᠷᠠᠨ ᠬᠠᠷᠠᠭᠠᠯᠵᠠᠬᠤ ᠳᠦᠷᠦ ᠶᠢᠨ ᠪᠤᠳᠤᠯᠭ᠎ᠠ ᠶᠢ ᠬᠦᠷᠳᠡᠵᠦ ᠪᠠᠶᠢᠭ᠎ᠠ ᠬᠦᠮᠦᠰ ᠤᠨ ᠦᠷ᠎ᠡ | ᠬᠡᠤᠬᠡᠳ ᠰᠤᠷᠭᠠᠭᠤᠯᠢ ᠶᠢ ᠤᠷᠤᠬᠤ | ᠡᠷᠬᠡᠪᠰᠢ ᠬᠠᠮᠢᠶ᠎ᠡ ᠪᠦᠬᠦᠢ ᠪᠢᠴᠢᠭ ᠮᠠᠲ᠋ᠧᠷᠢᠶᠠᠯ᠂ ᠡᠷᠤᠭᠡ ᠠᠮᠠ ᠶᠢᠨ ᠳᠡᠪᠳᠡᠷ᠂ ᠭᠡᠷ ᠬᠦᠷᠦᠩᠭᠡ ᠶᠢᠨ | ᠦᠨᠡᠮᠯᠡᠯ᠂ ᠡᠴᠢᠬᠡ ᠡᠬᠡ ᠶᠢᠨ ᠠᠵᠢᠯ ᠤᠨ ᠦᠨᠡᠮᠯᠡᠯ᠂ ᠪᠡᠶ᠎ᠡ ᠶᠢᠨ ᠦᠨᠡᠮᠯᠡᠯ᠂ ᠴᠡᠷᠢᠭ ᠨᠤᠶᠠᠳ ᠤᠨ ᠦᠨᠡᠮᠯᠡᠯ᠂ | ᠨᠢᠭᠡᠴᠡ ᠶᠢᠨ ᠭᠡᠷᠡᠴᠢ ᠮᠠᠲ᠋ᠧᠷᠢᠶᠠᠯ ᠵᠡᠷᠭᠡ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠬᠠᠩᠭᠠᠵᠦ ᠰᠢᠭᠤᠶᠢᠳᠤ | ᠳᠤᠭᠤᠷᠢᠭ ᠤᠨ ᠨᠢᠭᠡᠳᠤᠭᠡᠷ ᠳᠤᠮᠳᠠᠳᠤ ᠰᠤᠷᠭᠠᠭᠤᠯᠢ ᠳᠤ ᠨᠡᠷ᠎ᠡ ᠮᠡᠳᠡᠬᠦᠯᠬᠦ ᠬᠡᠷᠡᠭᠳᠡᠢ᠃ | ︵4︶᠂ ᠵᠠᠮᠳᠡᠭ ᠬᠡᠤᠬᠡᠳ ᠪᠠᠭᠠᠴᠤᠳ ᠢ ᠰᠤᠷᠭᠠᠭᠤᠯᠢ ᠳᠤ ᠤᠷᠤᠭᠤᠯᠬᠤ | ᠰᠤᠷᠤᠯᠴᠠᠵᠦ ᠳᠠᠶᠢᠯᠬᠦ ᠵᠡᠮᠳᠡᠭ ᠬᠡᠮᠵᠢᠶ᠎ᠡ ᠪᠠᠷ ᠨᠡᠯᠢᠶᠡᠳ ᠬᠦᠩᠭᠡᠨ ᠵᠡᠮᠳᠡᠭ ᠬᠡᠤᠬᠡᠳ ᠪᠠᠭᠠᠴᠤᠳ ᠢ | ᠡᠩ ᠤᠨ ᠰᠤᠷᠭᠠᠭᠤᠯᠢ ᠳᠤ ᠤᠷᠤᠭᠤᠯᠵᠦ ᠠᠩᠭᠢ ᠳᠠᠭᠠᠵᠦ ᠰᠤᠷᠤᠯᠴᠠᠭᠤᠯᠬᠤ ᠪᠠᠷ ᠳᠤᠬᠢᠷᠠᠭᠤᠯᠤᠨ᠎ᠠ᠃ ᠵᠡᠮᠳᠡᠭ | ᠬᠡᠮᠵᠢᠶ᠎ᠡ ᠨᠢ ᠨᠡᠯᠢᠶᠡᠳ ᠬᠦᠨᠳᠤ᠂ ᠡᠩ ᠤᠨ ᠰᠤᠷᠭᠠᠭᠤᠯᠢ ᠳᠤ ᠰᠤᠷᠤᠯᠴᠠᠬᠤ ᠶᠢᠨ ᠠᠷᠭ᠎ᠠ ᠦᠭᠡᠢ ᠬᠡᠤᠬᠡᠳ | ᠪᠠᠭᠠᠴᠤᠳ ᠢ ᠡᠴᠢᠭᠡ ᠡᠬᠡ ᠪᠤᠶᠤ ᠬᠠᠤᠯᠢ ᠪᠠᠷ ᠳᠤᠭᠳᠠᠭᠠᠭᠰᠠᠨ ᠬᠢᠨᠠᠨ ᠬᠠᠮᠠᠭᠠᠯᠠᠭᠴᠢ ᠨᠢ ᠰᠤᠷᠭᠠᠨ ᠬᠦᠮᠦᠵᠢᠯ ᠤᠨ | ᠳᠤᠪᠴᠢᠶ᠎ᠡ ᠳᠤ ᠬᠦᠷᠴᠦ ᠳᠠᠩᠰᠠᠯᠠᠨ᠂ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠳᠤ ᠨᠠᠷ᠎ᠡ ᠮᠡᠳᠡᠬᠦᠯᠦᠨ | ᠰᠤᠷᠤᠯᠴᠠᠭᠤᠯᠤᠨ᠎ᠠ᠃ ᠰᠤᠷᠭᠠᠭᠤᠯᠢ ᠳᠤ ᠤᠴᠢᠵᠦ ᠰᠤᠷᠤᠯᠴᠠᠵᠦ ᠳᠠᠶᠢᠯᠬᠦ ᠦᠭᠡᠢ ᠬᠦᠨᠳᠤ ᠵᠡᠮᠳᠡᠭ ᠬᠡᠤᠬᠡᠳ | ᠪᠠᠭᠠᠴᠤᠳ ᠢ ᠰᠤᠷᠭᠠᠨ ᠬᠦᠮᠦᠵᠢᠯ ᠤᠨ ᠳᠤᠪᠴᠢᠶ᠎ᠡ ᠲᠠᠢ ᠬᠠᠷᠢᠯᠴᠠᠵᠦ᠂ ᠰᠤᠷᠭᠠᠭᠤᠯᠢ ᠶᠢᠨ ᠬᠠᠷᠢᠶᠠᠨ ᠤ | ᠬᠠᠮᠢᠶᠠᠷᠤᠯᠳᠠ ᠳᠤ ᠤᠷᠤᠭᠤᠯᠤᠨ᠂ ᠰᠤᠷᠭᠠᠨ ᠬᠦᠮᠦᠵᠢᠯ ᠢ ᠡᠬᠦᠳᠡᠨ ᠳᠤ ᠬᠦᠷᠭᠡᠬᠦ ᠤᠶᠢᠯᠡᠴᠢᠯᠡᠭᠡ ᠦᠷᠨᠢᠬᠦᠯᠦᠨ᠎ᠡ᠃ | ︵ᠬᠤᠶᠠᠷ︶᠂ ᠰᠤᠷᠤᠭᠴᠢ ᠡᠯᠰᠡᠬᠦ ᠵᠢᠷᠦᠮ | ᠰᠢᠭᠤᠶᠢᠳᠤ ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶ᠎ᠡ ᠬᠤᠳᠠ᠂ ᠳᠤᠭᠤᠷᠢᠭ ᠬᠤᠶᠠᠷ | ᠱᠠᠳᠤᠨ ᠤ ᠠᠯᠪᠠᠨ ᠸᠢᠴᠡᠲ ᠤᠨ ᠳᠠᠪᠴᠡᠩ ︽ᠪᠤᠭᠤᠳᠤ ᠶᠢᠨ ᠰᠤᠷᠭᠠᠨ ᠬᠦᠮᠦᠵᠢᠯ ᠤᠨ ᠡᠬᠦᠯᠡᠨ ᠳᠡᠪᠴᠡᠩ ︵bt᠂ | nmgjyyun᠂ cn︶︾ ︽ᠪᠤᠭᠤᠳᠤ ᠶᠢᠨ ᠰᠤᠷᠭᠠᠨ ᠬᠦᠮᠦᠵᠢᠯ︾ ᠰᠤᠨᠢᠨ ᠵᠢᠴᠢ ᠪᠤᠰᠤᠳ ᠰᠤᠨᠢᠨ | ᠮᠡᠳᠡᠭᠡᠨ ᠤ ᠵᠠᠭᠤᠴᠢᠯᠠᠭᠤᠷ ᠲᠤ ᠰᠤᠷᠤᠭᠴᠢ ᠡᠯᠰᠡᠬᠦ ᠳᠦᠷᠦ ᠶᠢᠨ ᠪᠤᠳᠤᠯᠭ᠎ᠠ᠂ ᠨᠡᠷ᠎ᠡ ᠮᠡᠳᠡᠬᠦᠯᠬᠦ ᠴᠠᠭ᠂ ᠭᠠᠵᠠᠷ | ᠤᠷᠤᠨ ᠵᠢᠴᠢ ᠨᠡᠷ᠎ᠡ ᠮᠡᠳᠡᠬᠦᠯᠬᠦ ᠳᠤ ᠠᠪᠴᠦ ᠶᠠᠪᠤᠬᠤ ᠴᠢᠬᠤᠯᠠᠳᠠᠢ ᠡᠯ᠎ᠡ ᠵᠤᠶᠢᠯ ᠤᠨ ᠦᠨᠡᠮᠯᠡᠯ ᠵᠡᠷᠭᠡ ᠮᠡᠳᠡᠭᠡ | ᠵᠠᠩᠭᠢ ᠶᠢ ᠨᠡᠶᠢᠳᠡᠯᠡᠪᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ | ᠡᠯ᠎ᠡ ᠰᠤᠷᠭᠠᠭᠤᠯᠢ ︽ᠨᠢᠭᠡᠳᠤᠭᠡᠷ ᠭᠠᠷ︾ ᠶᠡᠷᠦᠩᠭᠡᠢ ᠬᠠᠷᠢᠭᠤᠴᠠᠯᠭ᠎ᠠ ᠶᠢ ᠡᠬᠦᠷᠭᠡᠯᠡᠵᠦ᠂ ᠬᠤᠪᠢᠳᠡᠨ | ᠬᠠᠮᠢᠶᠠᠷᠴᠦ ᠪᠠᠶᠢᠭ᠎ᠠ ᠤᠳᠤᠷᠢᠳᠤᠯᠭ᠎ᠠ ᠪᠤᠳᠠᠳᠠᠢ ᠬᠠᠷᠢᠭᠤᠴᠠᠵᠦ᠂ ᠳᠤᠭᠤᠶᠢᠯᠠᠩ ᠤᠨ ᠳᠠᠷᠤᠭ᠎ᠠ ᠪᠠ ᠠᠩᠭᠢ ᠶᠢᠨ | ᠡᠷᠬᠢᠯᠡᠭᠴᠢ ᠵᠤᠬᠢᠴᠠᠯᠳᠤᠨ ᠬᠠᠮᠵᠢᠯᠴᠠᠭᠰᠠᠨ ᠬᠠᠮᠢᠶᠠᠷᠤᠯᠳᠠ ᠶᠢᠨ ᠠᠵᠢᠯ ᠤᠨ ᠳᠤᠭᠳᠠᠴᠠ ᠶᠢ ᠪᠠᠶᠢᠭᠤᠯᠵᠦ᠂ ᠳᠤᠰ | ᠰᠤᠷᠭᠠᠭᠤᠯᠢ ᠶᠢᠨ ᠠᠯᠪᠡᠨ ᠵᠢᠷᠦᠮ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠠᠵᠢᠯ ᠤᠨ ᠳᠦᠰᠦᠯ ᠢ | ᠰᠢᠨᠵᠢᠯᠡᠬᠦ ᠤᠬᠠᠭᠠᠨᠴᠢ ᠵᠦᠢ ᠵᠤᠬᠢᠰᠳᠠᠢ ᠳᠤᠭᠳᠠᠭᠠᠵᠦ᠂ ᠳᠤᠭᠤᠷᠢᠭ ᠤᠨ 2019 ᠤᠨ ᠤ ᠰᠤᠷᠤᠭᠴᠢ ᠡᠯᠰᠡᠬᠦ | ᠠᠵᠢᠯ ᠤᠨ ᠳᠤᠭᠳᠠᠭᠤᠨ ᠪᠦᠭᠡᠳ ᠡᠮᠬᠢ ᠵᠢᠷᠦᠮ ᠲᠠᠢ ᠪᠠᠶᠢᠬᠤ ᠶᠢ ᠦᠨᠡᠨᠬᠦ ᠪᠠᠳᠤᠯᠠᠨ᠎ᠠ᠃ | ︵ᠬᠤᠶᠠᠷ︶᠂ ᠠᠵᠢᠯ ᠤᠨ ᠰᠠᠬᠢᠯᠭ᠎ᠠ ᠪᠠᠳᠤ ᠶᠢ ᠴᠢᠩᠭᠠᠷᠠᠭᠤᠯᠬᠤ | ︽ᠠᠷᠪᠠ ᠶᠢ ᠴᠢᠩᠭ᠎ᠠ ᠴᠠᠭᠠᠵᠠᠯᠠᠬᠤ︾ ᠶᠢ ᠦᠨᠡᠨᠬᠦ ᠪᠡᠶᠡᠯᠡᠬᠦᠯᠬᠦ ᠬᠡᠷᠡᠭᠳᠡᠢ᠃ | ︵ᠭᠤᠷᠪᠠ︶᠂ ᠰᠤᠷᠤᠭᠴᠢ ᠡᠯᠰᠡᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠳᠡᠢ | ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶ᠎ᠡ ᠪᠤᠯᠤᠨ ᠡᠯ᠎ᠡ ᠳᠤᠮᠳᠠᠳᠤ ᠪᠠᠭ᠎ᠠ ᠰᠤᠷᠭᠠᠭᠤᠯᠢ | ᠬᠤᠳᠠ᠂ ᠳᠤᠭᠤᠷᠢᠭ ᠬᠤᠶᠠᠷ ᠱᠠᠳᠤᠨ ᠤ ᠠᠯᠪᠠᠨ ᠸᠢᠴᠡᠲ ᠤᠨ ᠳᠠᠪᠴᠡᠩ ︽ᠪᠤᠭᠤᠳᠤ ᠶᠢᠨ ᠰᠤᠷᠭᠠᠨ | ᠬᠦᠮᠦᠵᠢᠯ ᠤᠨ ᠡᠬᠦᠯᠡᠨ ᠳᠡᠪᠴᠡᠩ ︵bt᠂ nmgjyyun᠂ cn︶︾ ︽ᠪᠤᠭᠤᠳᠤ ᠶᠢᠨ ᠰᠤᠷᠭᠠᠨ ᠬᠦᠮᠦᠵᠢᠯ︾ | ᠰᠤᠨᠢᠨ ᠵᠢᠴᠢ ᠪᠤᠰᠤᠳ ᠰᠤᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠵᠦ᠂ ᠠᠯᠪᠡᠨ ᠵᠢᠷᠤᠮ ᠤᠨ ᠰᠤᠷᠭᠠᠨ | ᠬᠦᠮᠦᠵᠢᠯ ᠤᠨ ᠰᠢᠯᠭᠠᠬᠤ ᠦᠭᠡᠢ ᠪᠠᠷ ᠭᠡᠷ ᠤᠶᠢᠷᠠᠯᠴᠠᠭ᠎ᠠ ᠰᠤᠷᠭᠠᠭᠤᠯᠢ ᠳᠤ ᠤᠷᠤᠬᠤ ᠳᠦᠷᠦ ᠶᠢᠨ ᠪᠤᠳᠤᠯᠭ᠎ᠠ ᠶᠢᠨ | ᠳᠠᠶᠢᠯᠤᠮᠵᠢ ᠪᠠ ᠤᠬᠠᠭᠤᠯᠭ᠎ᠠ ᠶᠢ ᠴᠢᠩᠭᠠᠳᠬᠠᠵᠦ᠂ ᠨᠡᠶᠢᠭᠡᠮ ᠤᠨ ᠶᠠᠷᠢᠶ᠎ᠡ ᠬᠡᠯᠡᠯᠴᠡᠭᠡ ᠶᠢ ᠬᠦᠳᠦᠯᠦᠨ ᠵᠢᠯᠤᠭᠤᠳᠴᠦ᠂ | ᠦᠷᠭᠡᠨ ᠤᠯᠠᠨ ᠬᠡᠷ ᠤᠨ ᠠᠬᠠᠮᠡᠳ ᠪᠠ ᠰᠤᠷᠤᠭᠴᠢᠳ ᠲᠤ ᠤᠶᠢᠯᠡᠴᠢᠯᠡᠵᠦ᠂ ᠠᠯᠪᠡᠨ ᠵᠢᠷᠦᠮ ᠤᠨ ᠰᠤᠷᠭᠠᠨ | ᠬᠦᠮᠦᠵᠢᠯ ᠤᠨ ᠰᠤᠷᠤᠭᠴᠢ ᠡᠯᠰᠡᠬᠦ ᠠᠵᠢᠯ ᠤᠨ ᠰᠠᠶᠢᠨ ᠰᠠᠶᠢᠬᠠᠨ ᠨᠡᠶᠢᠭᠡᠮ ᠤᠨ ᠤᠷᠴᠢᠨ ᠨᠦᠬᠦᠴᠡᠯ ᠪᠠ ᠶᠠᠷᠢᠶ᠎ᠡ | ᠬᠡᠯᠡᠯᠴᠡᠭᠡᠨ ᠤ ᠠᠭᠤᠷ ᠠᠮᠢᠰᠬᠤᠯ ᠢ ᠴᠢᠷᠮᠡᠶᠢᠨ ᠪᠤᠢ ᠪᠤᠯᠭᠠᠨ᠎ᠠ᠃ | ︵ᠳᠦᠷᠪᠡ︶᠂ ᠢᠯᠡ ᠪᠠᠷ ᠠᠩᠭᠢ ᠬᠤᠪᠢᠶᠠᠬᠤ ᠶᠢ ᠪᠠᠷᠢᠮᠳᠠᠯᠠᠬᠤ | ᠨᠠᠮᠤᠷ ᠤᠨ ᠤᠯᠠᠷᠢᠯ ᠳᠤ ᠰᠤᠷᠭᠠᠭᠤᠯᠢ ᠳᠤ ᠤᠷᠤᠬᠤ ᠳᠤ ᠠᠯᠪᠡᠨ ᠵᠢᠷᠦᠮ ᠤᠨ ᠰᠤᠷᠭᠠᠨ ᠬᠦᠮᠦᠵᠢᠯ ᠤᠨ | ᠱᠠᠳᠤᠨ ᠤ ᠡᠯ᠎ᠡ ᠰᠤᠷᠭᠠᠭᠤᠯᠢ ᠡᠷᠬᠡᠪᠰᠢ ︽ᠢᠯᠡ ᠪᠠᠷ ᠠᠩᠭᠢ ᠬᠤᠪᠢᠶᠠᠬᠤ︾ ᠶᠢ ᠬᠡᠷᠡᠭᠵᠢᠬᠦᠯᠬᠦ ᠶᠢ ᠪᠠᠷᠢᠮᠳᠠᠯᠠᠬᠤ | ᠬᠡᠷᠡᠭᠳᠡᠢ᠃ | ︵ᠳᠠᠪᠤ︶᠂ ᠰᠤᠶᠢᠳᠭᠡᠯ ᠬᠤᠷᠢᠶᠠᠬᠤ ᠤᠶᠢᠯᠠ ᠠᠵᠢᠯᠯᠠᠭ᠎ᠠ ᠶᠢ ᠵᠢᠷᠦᠮᠵᠢᠭᠤᠯᠬᠤ ᠬᠡᠷᠡᠭᠳᠡᠢ | ᠰᠤᠶᠢᠳᠭᠡᠯ ᠬᠤᠷᠢᠶᠠᠬᠤ ᠦᠭᠡᠢ ᠠᠯᠪᠡᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠳᠤᠬᠠᠢ | ᠤᠯᠤᠰ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠳᠤᠭᠳᠠᠭᠠᠯ ᠢ ᠴᠢᠩᠭ᠎ᠠ ᠬᠡᠷᠡᠭᠵᠢᠬᠦᠯᠵᠦ᠂ | ᠳᠤᠷ᠎ᠠ ᠪᠠᠷ ᠢᠶᠠᠨ ᠰᠤᠶᠢᠳᠭᠡᠯ ᠬᠤᠷᠢᠶᠠᠬᠤ ᠶᠢ ᠡᠷᠡᠰ ᠬᠤᠷᠢᠭᠯᠠᠨ᠎ᠠ᠃ | ︵ᠵᠢᠷᠭᠤᠭ᠎ᠠ︶᠂ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠨ ᠰᠤᠷᠤᠯᠭ᠎ᠠ ᠶᠢ ᠪᠠᠳᠤᠯᠠᠬᠤ ᠶᠢ | ᠴᠢᠩᠭᠠᠳᠬᠠᠬᠤ | ᠡᠯ᠎ᠡ ᠰᠤᠷᠭᠠᠭᠤᠯᠢ ᠨᠤᠭᠤᠳ ᠠᠯᠪᠡᠨ ᠵᠢᠷᠦᠮ ᠤᠨ ᠰᠤᠷᠭᠠᠨ ᠬᠦᠮᠦᠵᠢᠯ ᠤᠨ ᠰᠤᠷᠤᠯᠭ᠎ᠠ ᠪᠠᠨ ᠳᠤᠷᠭᠤᠨ | ᠵᠤᠭᠰᠤᠬᠤ ᠶᠢ ᠬᠢᠵᠠᠭᠠᠷᠯᠠᠨ ᠰᠤᠷᠤᠯᠭ᠎ᠠ ᠶᠢ ᠪᠠᠳᠤᠯᠠᠬᠤ ᠬᠠᠤᠯᠢ ᠪᠠᠷ ᠳᠤᠭᠳᠠᠭᠠᠭᠰᠠᠨ ᠡᠬᠦᠷᠭᠡ ᠬᠠᠷᠢᠭᠤᠴᠠᠯᠭ᠎ᠠ ᠪᠠᠨ | ᠦᠨᠡᠨᠬᠦ ᠬᠦᠢᠴᠡᠳᠭᠡᠵᠦ᠂ ᠬᠠᠤᠯᠢ ᠴᠠᠭᠠᠵᠠ ᠪᠤᠯᠤᠨ ᠬᠤᠯᠪᠤᠭᠳᠡᠯ ᠪᠦᠬᠦᠢ ᠳᠤᠭᠳᠠᠭᠠᠯ ᠵᠢᠴᠢ ᠬᠤᠳᠠ ᠶᠢᠨ ᠰᠤᠷᠭᠠᠨ | ᠬᠦᠮᠦᠵᠢᠯ ᠤᠨ ᠳᠤᠪᠴᠢᠶ᠎ᠡ ᠶᠢᠨ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠨ ᠰᠤᠷᠤᠯᠭ᠎ᠠ ᠶᠢ ᠪᠠᠳᠤᠯᠠᠬᠤ | ᠠᠵᠢᠯ ᠤᠨ ︽ᠠᠷᠪᠡᠨ ᠵᠤᠶᠢᠯ ᠤᠨ ᠳᠦᠷᠢᠮ︾ ᠤᠨ ᠱᠠᠭᠠᠷᠳᠠᠯᠭ᠎ᠠ ᠶᠤᠰᠤᠭᠠᠷ ᠰᠤᠷᠤᠯᠭ᠎ᠠ ᠪᠠᠨ ᠳᠤᠷᠭᠤᠨ | ᠵᠤᠭᠰᠤᠬᠤ ᠶᠢ ᠵᠤᠭᠰᠤᠭᠠᠬᠤ᠂ ᠰᠤᠷᠬᠤ ᠨᠠᠰᠤᠨ ᠤ ᠬᠡᠤᠬᠡᠳ ᠤᠨ ᠠᠵᠢᠯ ᠤᠨ ᠡᠷᠦᠭᠡ ᠳᠠᠩᠰᠠ ᠶᠢ ᠪᠠᠶᠢᠭᠤᠯᠵᠦ᠂ | ᠬᠤᠯᠪᠤᠭᠠᠯᠠᠨ ᠡᠵᠡᠮᠳᠡᠬᠦ ᠬᠠᠮᠳᠤᠷᠠᠨ ᠪᠠᠳᠤᠯᠠᠬᠤ ᠠᠵᠢᠯ ᠤᠨ ᠳᠤᠭᠳᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ | ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠵᠦ ᠰᠤᠷᠤᠯᠭ᠎ᠠ ᠪᠠᠳᠤᠯᠠᠬᠤ ᠠᠵᠢᠯ ᠢ ᠰᠠᠶᠢᠳᠤᠷ ᠬᠢᠬᠦ ᠶᠢ | ᠦᠨᠡᠨᠬᠦ ᠪᠠᠳᠤᠯᠠᠬᠤ ᠬᠡᠷᠡᠭᠳᠡᠢ᠃ | ︵ᠳᠤᠯᠤᠭ᠎ᠠ︶᠂ ᠬᠢᠨᠡᠯᠳᠠ ᠳᠠᠯᠪᠢᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠬᠤ ᠬᠡᠷᠡᠭᠳᠡᠢ | ᠡᠯ᠎ᠡ ᠰᠤᠷᠭᠠᠭᠤᠯᠢ ᠰᠤᠷᠤᠭᠴᠢ ᠡᠯᠰᠡᠬᠦ ᠠᠵᠢᠯᠯᠠᠭ᠎ᠠ ᠪᠠᠨ ᠬᠠᠤᠯᠢ ᠶᠤᠰᠤᠭᠠᠷ ᠵᠢᠷᠤᠮᠵᠢᠭᠤᠯᠵᠦ᠂ | ᠰᠤᠷᠤᠭᠴᠢ ᠡᠯᠰᠡᠬᠦ ᠰᠠᠬᠢᠯᠭ᠎ᠠ ᠪᠠᠳᠤ ᠶᠢ ᠴᠢᠩᠭ᠎ᠠ ᠵᠢᠷᠦᠮᠯᠡᠨ ᠠᠰᠠᠭᠤᠵᠦ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠵᠦ ᠳᠤᠭᠳᠠᠭᠤᠨ᠂ ᠠᠮᠤᠷ ᠳᠦᠪᠰᠢᠨ᠂ ᠠᠷᠢᠭᠤᠨ ᠴᠢᠭᠡᠴᠢ ᠪᠠᠶᠢᠬᠤ ᠭᠤᠷᠪᠡᠨ ᠬᠤᠷᠢᠭ᠎ᠠ | ᠱᠤᠭᠤᠮ ᠢ ᠪᠠᠳᠤ ᠰᠠᠬᠢᠬᠤ ᠬᠡᠷᠡᠭᠳᠡᠢ᠃ ᠰᠤᠷᠤᠭᠴᠢ ᠡᠯᠰᠡᠵᠦ ᠰᠤᠷᠭᠠᠭᠤᠯᠢ ᠶᠢ ᠤᠷᠤᠬᠤ ᠬᠤᠭᠤᠴᠠᠭᠠᠨ ᠳᠤ ᠤᠯᠠᠨ | ᠵᠤᠶᠢᠯ ᠤᠨ ᠬᠡᠯᠪᠡᠷᠢ ᠪᠠᠷ ᠳᠠᠮᠵᠢᠭᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠶᠢ ᠴᠠᠭ ᠳᠤᠬᠠᠢ ᠳᠤ ᠨᠢ | ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠪᠤᠯᠭᠠᠵᠦ᠂ ᠬᠢᠨᠠᠯᠳᠠ ᠳᠠᠯᠪᠢᠵᠦ ᠢᠯᠡᠴᠢᠯᠡᠨ ᠮᠡᠳᠡᠬᠦᠯᠬᠦ ᠳᠦᠷᠢᠮ ᠢ | ᠪᠠᠶᠢᠭᠤᠯᠤᠨ ᠪᠦᠷᠢᠨᠰᠢᠬᠦᠯᠵᠦ᠂ ᠡᠯ᠎ᠡ ᠠᠵᠢᠯ ᠤᠨ ᠭᠤᠭᠴᠤᠭ᠎ᠠ ᠶᠢᠨ ᠬᠡᠷᠡᠭ ᠡᠷᠬᠢᠯᠡᠬᠦ ᠳᠡᠰ ᠳᠠᠷᠠᠭᠠᠯᠠᠯ ᠢ | ᠳᠡᠬᠦᠯᠳᠡᠷᠵᠢᠬᠦᠯᠦᠨ ᠨᠡᠶᠢᠭᠡᠮ ᠳᠤ ᠢᠯᠡᠴᠢᠯᠡᠨ ᠮᠡᠳᠡᠬᠦᠯᠬᠦ ᠳ᠋ᠢᠶᠠᠩᠬᠤᠸᠠ ᠶᠢ ᠨᠠᠶᠢᠳᠠᠯᠠᠵᠦ ᠰᠤᠷᠤᠭᠴᠢ᠂ ᠭᠡᠷ ᠤᠨ | ᠠᠬᠠᠮᠠᠳ ᠪᠤᠯᠤᠨ ᠨᠡᠶᠢᠭᠡᠮ ᠤᠨ ᠬᠢᠨᠠᠯᠳᠠ ᠳᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠵᠠᠬᠢᠳᠡᠯ | ᠰᠤᠷᠪᠤᠯᠵᠢᠯᠠᠭ᠎ᠠ ᠶᠢ ᠦᠨᠡᠨᠬᠦ ᠰᠠᠶᠢᠳᠤᠷ ᠬᠢᠵᠦ᠂ ᠨᠡᠶᠢᠭᠡᠮ ᠤᠨ ᠠᠩᠬᠠᠷᠤᠯ ᠳᠤ ᠴᠠᠭ ᠳᠤᠬᠠᠢ ᠳᠤ ᠨᠢ ᠬᠠᠷᠢᠭᠤᠯᠳᠠ | ᠦᠭᠬᠦ ᠬᠡᠷᠡᠭᠳᠡᠢ᠃ ︽ᠠᠷᠪᠠ ᠶᠢ ᠴᠢᠩᠭ᠎ᠠ ᠴᠠᠭᠠᠵᠠᠯᠠᠬᠤ︾ ᠶᠢ ᠵᠦᠷᠢᠴᠡᠭᠰᠡᠨ ᠨᠢᠭᠡᠴᠡ ᠪᠠ ᠬᠠᠷᠢᠭᠤᠴᠠᠯᠭᠠᠳᠡᠨ ᠠᠴᠠ | ᠬᠠᠮᠢᠶᠠᠷᠤᠯᠳᠠ ᠶᠢᠨ ᠡᠷᠭᠡ ᠶᠢᠨ ᠬᠡᠪᠴᠢᠶ᠎ᠡ ︽ᠨᠢᠭᠡ ᠡᠷᠭᠡ ᠶᠢ ᠬᠤᠤᠰ ᠪᠠᠶᠢᠴᠠᠭᠠᠬᠤ︾ ᠶᠢ ᠦᠨᠳᠦᠰᠦᠯᠡᠨ ᠴᠢᠩᠭ᠎ᠠ | ᠬᠠᠷᠢᠭᠤᠴᠠᠯᠭ᠎ᠠ ᠨᠡᠭᠡᠮᠵᠢᠯᠡᠨ᠎ᠡ᠃ | | |