ᠳ᠋ᠠ ᠹᠠ ᠵᠠᠭᠡᠯᠢ ᠭᠤᠳᠤᠮᠵᠢ ᠶᠢᠨ ᠰᠢᠭᠤᠶᠢᠳᠤ ᠨᠠᠶᠢᠭᠡᠮ ᠳᠤᠭᠤᠷᠢᠭ ︽ᠤᠶᠤᠨᠴᠢ ᠰᠢᠭᠤᠶᠢᠳᠤ ᠨᠡᠬᠦᠳᠡᠯ ᠰᠦᠯᠵᠢᠶ᠎ᠡ ᠶᠢ ᠳᠦᠮᠡᠨ ᠡᠷᠦᠭᠡ ᠳᠤ ᠬᠦᠷᠭᠡᠬᠦ︾ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-06-11
      ᠤᠶᠢᠷ᠎ᠠ ᠳᠤ᠂ ᠳ᠋ᠠ ᠹᠠ ᠵᠠᠭᠡᠯᠢ ᠭᠤᠳᠤᠮᠵᠢ ᠶᠢᠨ ᠰᠢᠭᠤᠶᠢᠳᠤ ᠨᠠᠶᠢᠭᠡᠮ ᠳᠤᠭᠤᠷᠢᠭ ᠪᠤᠯᠤᠨ ᠬᠠᠮᠳᠤᠪᠠᠷ ᠪᠠᠶᠢᠭᠤᠯᠬᠤ ᠨᠢᠭᠡᠴᠡ ᠶᠢᠨ ᠨᠡᠬᠦᠳᠡᠯ ᠬᠤᠯᠪᠤᠭᠠᠨ ᠤ ᠺᠤᠮᠫᠠᠨᠢ ᠶᠢᠨ ᠰᠢᠭᠤᠶᠢᠳᠤ ᠬᠤᠪᠢᠶᠠᠷᠢ ᠺᠤᠮᠫᠠᠨᠢ ᠬᠠᠮᠳᠤᠷᠠᠨ ︽ᠤᠶᠤᠨᠴᠢ ᠰᠢᠭᠤᠶᠢᠳᠤ ᠨᠡᠬᠦᠳᠡᠯ ᠰᠦᠯᠵᠢᠶ᠎ᠡ ᠶᠢ ᠳᠦᠮᠡᠨ ᠡᠷᠦᠭᠡ ᠳᠤ ᠬᠦᠷᠭᠡᠬᠦ︾ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠶᠠᠪᠤᠭᠤᠯᠪᠠ᠃ ᠨᠡᠶᠢᠭᠡᠮ ᠳᠤᠭᠤᠷᠢᠭ ᠤᠨ ᠰᠠᠭᠤᠭᠠᠯᠢ ᠠᠷᠠᠳ᠂ ᠰᠠᠶᠢᠨ ᠳᠤᠷ᠎ᠠ ᠶᠢᠨ ᠠᠵᠢᠭᠯᠠᠭᠴᠢ᠂ ᠨᠡᠬᠦᠳᠡᠯ ᠬᠤᠯᠪᠤᠭᠠᠨ ᠤ ᠺᠤᠮᠫᠠᠨᠢ ᠶᠢᠨ ᠠᠵᠢᠯᠳᠡᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠳᠤᠰ ᠤᠳᠠᠭᠠᠨ ᠤ ᠠᠵᠢᠯᠯᠠᠭ᠎ᠠ ᠪᠤᠯ ᠤᠶᠤᠨᠴᠢ ᠰᠢᠭᠤᠶᠢᠳᠤ ᠨᠡᠶᠢᠭᠡᠮ ᠳᠤᠭᠤᠷᠢᠭ ᠢ ᠪᠦᠳᠦᠭᠡᠨ ᠪᠠᠶᠢᠭᠤᠯᠬᠤ ᠡᠮᠤᠨᠡᠬᠢ ᠬᠤᠭᠤᠴᠠᠭᠠᠨ ᠤ ᠰᠦᠯᠵᠢᠶ᠎ᠡ ᠪᠠᠶᠢᠭᠤᠯᠬᠤ ᠪᠡᠯᠡᠳᠭᠡᠯ ᠠᠵᠢᠯ ᠪᠤᠯᠤᠨ᠎ᠠ᠃ ᠬᠠᠷᠢᠶ᠎ᠡ ᠤᠷᠤᠨ ᠤ ᠳᠤᠷᠰᠢᠯᠳᠠ ᠶᠢᠨ ᠰᠠᠭᠤᠭᠠᠯᠢ ᠠᠷᠠᠳ ᠦᠷᠭᠡᠨ ᠪᠦᠰᠠ ᠡᠷᠬᠢᠯᠡᠬᠦ ᠳᠤ ᠵᠠᠷᠤᠳᠠᠯ ᠰᠤᠶᠢᠳᠭᠡᠯ ᠢ ᠦᠭᠡᠷᠡᠴᠢᠯᠡᠬᠦ ᠴᠢᠬᠤᠯᠠ ᠦᠭᠡᠢ᠂ ᠳᠤᠭᠳᠠᠮᠠᠯ ᠳ᠋ᠢᠶᠠᠩᠬᠤᠸᠠ᠂ ᠲᠧᠯᠸᠢᠰ ᠮᠠᠰᠢᠨ ᠤ ᠤᠷᠤᠢ ᠶᠢᠨ ᠬᠠᠶᠢᠷᠴᠠᠭ ᠵᠡᠷᠭᠡ ᠤᠯᠠᠨ ᠵᠤᠶᠢᠯ ᠤᠨ ᠬᠠᠷᠠᠭᠠᠯᠵᠠᠯ ᠤᠨ ᠠᠵᠢᠯᠯᠠᠭ᠎ᠠ ᠬᠦᠷᠳᠡᠵᠦ ᠪᠤᠯᠤᠨ᠎ᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号