ᠳᠤᠭᠤᠷᠢᠭ ᠤᠨ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠡ ᠵᠠᠭᠤᠨ ᠡᠳᠤᠷ ᠤᠨ ᠪᠤᠭᠤᠮᠳᠠ ᠰᠢᠪᠳᠤᠯᠬᠤ ᠤᠷᠴᠢᠨ ᠳᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-06-14
        ︽ᠴᠡᠪᠡᠷ ᠳᠡᠭᠰᠢ᠂ ᠡᠮᠬᠢ ᠴᠡᠭᠴᠡ ᠲᠠᠢ᠂ ᠪᠤᠯᠪᠠᠰᠤᠨ ᠡᠶ᠎ᠡ ᠵᠤᠬᠢᠴᠠᠩᠭᠤᠢ︾ ᠬᠤᠳᠠ ᠳᠤᠭᠤᠷᠢᠭ ᠤᠨ ᠤᠷᠴᠢᠨ ᠳᠤᠭᠤᠷᠢᠨ ᠢ ᠪᠤᠢ ᠪᠤᠯᠭᠠᠬᠤ ᠶᠢᠨ ᠳᠦᠯᠦᠭᠡ᠂ ᠤᠶᠢᠷ᠎ᠠ ᠶᠢᠨ ᠡᠳᠤᠷ ᠤᠳ ᠲᠤ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠡ ︽ᠵᠠᠭᠤᠨ ᠡᠳᠤᠷ ᠤᠨ ᠪᠤᠭᠤᠮᠳᠠ ᠰᠢᠪᠳᠤᠯᠬᠤ︾ ᠤᠷᠴᠢᠨ ᠳᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ᠃ ᠠᠵᠢᠯᠯᠠᠭ᠎ᠠ  ᠨᠢ ᠨᠢᠬᠡᠨᠳᠡ 45 ᠵᠢᠵᠢᠭ ᠵᠠᠷ ᠢ ᠢᠯᠭᠠᠷᠠᠭᠤᠯᠤᠨ ᠳᠢᠭᠯᠡᠵᠦ᠂ ᠳᠡᠯᠭᠡᠬᠦᠷ ᠤᠨ ᠭᠠᠳᠠᠨ᠎ᠠ ᠳᠤᠷ᠎ᠠ ᠪᠠᠷ ᠳᠡᠯᠭᠡᠵᠦ ᠳᠤᠷ᠎ᠠ ᠪᠠᠷ ᠳᠠᠯᠪᠢᠵᠦ ᠪᠠᠶᠢᠭ᠎ᠠ 12 ᠭᠠᠵᠠᠷ᠂ 6 ᠶᠠᠪᠤᠭᠤᠯ ᠮᠠᠶᠢᠮᠠᠶᠢᠴᠢᠨ᠂ ᠵᠠᠮ ᠢ ᠡᠵᠡᠯᠡᠵᠦ ᠡᠵᠡᠩᠨᠡᠭᠰᠡᠨ 6 ᠭᠠᠵᠠᠷ᠂ ᠳᠤᠷ᠎ᠠ ᠪᠠᠷ ᠡᠯᠬᠦᠭᠰᠡᠨ ᠡᠯᠬᠦᠭᠡ ᠪᠢᠴᠢᠭᠡᠰᠦ 1᠂ ᠬᠠᠨ᠎ᠠ ᠶᠢᠨ ᠵᠠᠷ ᠮᠡᠳᠡᠭᠡ 10 ᠭᠠᠵᠠᠷ᠂ ᠢᠯᠡ ᠵᠠᠳᠠᠭᠠᠢ ᠰᠢᠷᠠᠯᠭ᠎ᠠ ᠶᠢᠨ ᠭᠠᠵᠠᠷ 3 ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠳᠤᠭᠤᠷᠢᠭ ᠤᠨ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠡ ᠦᠷᠬᠦᠯᠵᠢᠯᠡᠨ ︽ᠵᠠᠭᠤᠨ ᠡᠳᠤᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠶᠢ ᠦᠷᠨᠢᠬᠦᠯᠵᠦ᠂ ᠤᠯᠠᠨ ᠳᠦᠮᠡᠨ ᠳᠤ ᠰᠠᠶᠢᠨ ᠰᠠᠶᠢᠬᠠᠨ ᠠᠮᠢᠳᠤᠷᠠᠯ ᠤᠨ ᠨᠦᠬᠦᠴᠡᠯ ᠢ ᠪᠤᠢ ᠪᠤᠯᠭᠠᠵᠦ ᠦᠭᠬᠦᠨ᠎ᠡ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号