ᠨᠢᠭᠡᠳᠤᠭᠡᠷ ᠵᠤᠷᠪᠤᠰ᠂ ᠠᠶᠤᠯᠬᠦᠢ ᠤᠶᠢᠯᠡᠳᠪᠤᠷᠢᠯᠡᠯ ᠤᠨ ᠬᠦᠷᠢᠶᠡᠨ ᠳᠠᠬᠢ ᠨᠡᠶᠢᠬᠡᠮ ᠤᠨ ᠬᠢᠨᠠᠯᠳᠠ | ᠳᠠᠯᠪᠢᠬᠤ ᠶᠢ ᠴᠢᠩᠭᠠᠳᠬᠠᠵᠦ ᠠᠶᠤᠯᠬᠦᠢ ᠤᠶᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠳᠤ ᠤᠯᠠᠨ ᠨᠡᠶᠢᠳᠡ ᠶᠢᠨ | ᠤᠷᠤᠯᠴᠠᠬᠤ ᠢᠳᠡᠪᠬᠢᠵᠢᠯ ᠢ ᠳᠠᠶᠢᠴᠢᠯᠠᠵᠦ᠂ ᠠᠶᠤᠯᠬᠦᠢ ᠤᠶᠢᠯᠡᠳᠪᠤᠷᠢᠯᠠᠯ ᠤᠨ ᠬᠠᠤᠯᠢ ᠠᠴᠠ ᠵᠦᠷᠢᠴᠡᠭᠰᠡᠨ ᠤᠶᠢᠯᠠ | ᠠᠵᠢᠯᠯᠠᠭ᠎ᠠ ᠵᠢᠴᠢ ᠠᠳᠡᠯ ᠢ ᠢᠯᠡᠴᠢᠯᠡᠨ ᠮᠡᠳᠡᠬᠦᠯᠬᠦ ᠶᠢ ᠵᠤᠷᠢᠭᠵᠢᠭᠤᠯᠵᠦ᠂ ᠬᠦᠨᠳᠤ ᠶᠡᠭᠡ ᠠᠳᠡᠯ ᠤᠨ ᠳᠡᠯᠳᠠ ᠭᠡᠮ ᠢ | ᠴᠠᠭ ᠳᠤᠬᠠᠢ ᠳᠤ ᠨᠢ ᠢᠯᠡᠷᠡᠬᠦᠯᠬᠦ ᠶᠢᠨ ᠬᠠᠮᠳᠤ ᠠᠷᠢᠯᠭᠠᠵᠦ᠂ ᠬᠠᠤᠯᠢ ᠠᠴᠠ ᠵᠦᠷᠢᠴᠡᠭᠰᠡᠨ ᠤᠶᠢᠯᠡ ᠠᠵᠢᠯᠯᠠᠭ᠎ᠠ ᠶᠢ | ᠬᠤᠷᠢᠭᠯᠠᠨ ᠵᠤᠭᠰᠤᠭᠠᠬᠤ ᠪᠠ ᠰᠢᠢᠳᠭᠡᠨ ᠵᠤᠭᠰᠤᠭᠠᠵᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯᠬᠦᠢ ᠤᠶᠢᠯᠡᠳᠪᠤᠷᠢᠯᠠᠯ ᠤᠨ ᠬᠠᠤᠯᠢ︾ ︽ᠠᠶᠤᠯᠬᠦᠢ ᠤᠶᠢᠯᠡᠳᠪᠤᠷᠢᠯᠠᠯ ᠤᠨ ᠬᠦᠷᠢᠶᠡᠨ ᠳᠠᠬᠢ ᠦᠭᠡᠷᠡᠴᠢᠯᠡᠯᠳᠠ | ᠬᠦᠭᠵᠢᠯᠳᠡ ᠶᠢ ᠳᠦᠯᠬᠢᠨ ᠠᠬᠢᠭᠤᠯᠬᠤ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ | ᠳᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠦᠪ ᠳᠠᠷᠬᠠᠭᠠᠭᠰᠠᠨ ﹇2016﹈ ᠤᠨ ᠤ 32 ᠳ᠋ᠤᠭᠠᠷ | ᠳᠤᠭᠠᠳᠤ︶ ︽ᠠᠶᠤᠯᠬᠦᠢ ᠤᠶᠢᠯᠡᠳᠪᠤᠷᠢᠯᠠᠯ ᠤᠨ ᠬᠦᠷᠢᠶᠡᠨ ᠳᠠᠬᠢ ᠢᠯᠡᠴᠢᠯᠡᠨ ᠮᠡᠳᠡᠬᠦᠯᠦᠭᠰᠡᠨ ᠢ ᠱᠠᠩᠨᠠᠬᠤ ᠠᠷᠭ᠎ᠠ︾ | ︵ᠠᠶᠤᠯᠬᠦᠢ ᠤᠶᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠭᠡᠢ ᠡᠳ᠋ ᠤᠨ ᠵᠠᠰᠠᠭ ﹇2018﹈ | ᠤᠨ ᠤ 19 ᠳ᠋ᠤᠭᠡᠷ ᠳᠤᠭᠠᠳᠤ︶ ᠵᠡᠷᠭᠡ ᠬᠤᠯᠪᠤᠭᠳᠡᠯ ᠪᠦᠬᠦᠢ ᠬᠠᠤᠯᠢ ᠴᠠᠭᠠᠵᠠ ᠬᠠᠤᠯᠢ ᠳᠤᠭᠳᠠᠭᠠᠯ ᠪᠠ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠬᠢᠭᠡᠳ ᠳᠤᠭᠤᠷᠢᠭ ᠤᠨ ᠪᠤᠳᠠᠳᠤ ᠪᠠᠶᠢᠳᠠᠯ ᠢ ᠦᠨᠳᠤᠰᠦᠯᠡᠨ ᠳᠤᠰ ᠠᠷᠭ᠎ᠠ ᠶᠢ | ᠳᠤᠭᠳᠠᠭᠠᠪᠠ᠃ | ᠬᠤᠶᠠᠳᠤᠭᠠᠷ ᠵᠤᠷᠪᠤᠰ᠂ ᠳᠤᠰ ᠠᠷᠭ᠎ᠠ ᠨᠢ ᠰᠢᠭᠤᠶᠢᠳᠤ ᠳᠤᠭᠤᠷᠢᠭ ᠤᠨ ᠵᠠᠰᠠᠭ ᠤᠨ ᠤᠷᠳᠤᠨ ᠤ ᠬᠦᠨᠳᠤ | ᠶᠡᠭᠡ ᠠᠳᠡᠯ ᠤᠨ ᠳᠡᠯᠳᠠ ᠭᠡᠮ᠂ ᠠᠶᠤᠯᠬᠦᠢ ᠤᠶᠢᠯᠡᠳᠪᠤᠷᠢᠯᠠᠯ ᠤᠨ ᠬᠠᠤᠯᠢ ᠠᠴᠠ ᠵᠦᠷᠢᠴᠡᠭᠰᠡᠨ ᠤᠶᠢᠯᠠ ᠠᠵᠢᠯᠯᠠᠭ᠎ᠠ | ᠵᠢᠴᠢ ᠠᠳᠡᠯ ᠢ ᠨᠢᠭᠤᠨ ᠳᠠᠯᠳᠠᠯᠠᠭᠠᠭᠠᠳ ᠮᠡᠳᠡᠬᠦᠯᠬᠦ ᠦᠭᠡᠢ ᠶᠢ ᠢᠯᠡᠴᠢᠯᠡᠨ ᠮᠡᠳᠡᠬᠦᠯᠦᠭᠰᠡᠨ ᠢ ᠱᠠᠩᠨᠠᠬᠤ ᠳᠤ | ᠬᠡᠷᠡᠭᠯᠡᠨ᠎ᠡ᠃ | ᠭᠤᠷᠪᠠᠳᠤᠭᠠᠷ ᠵᠤᠷᠪᠤᠰ᠂ ᠳᠤᠰ ᠠᠷᠭ᠎ᠠ ᠶᠢᠨ ᠬᠦᠨᠳᠤ ᠶᠡᠭᠡ ᠠᠳᠡᠯ ᠪᠠ ᠳᠠᠯᠳᠠ ᠭᠡᠮ ᠭᠡᠳᠡᠭ ᠨᠢ ᠬᠤᠤᠷ | ᠬᠦᠨᠦᠭᠡᠯ ᠪᠠ ᠴᠡᠭᠴᠡᠯᠡᠨ ᠰᠠᠶᠢᠵᠢᠷᠠᠭᠤᠯᠬᠤ ᠬᠦᠴᠢᠷᠳᠡᠯ ᠨᠡᠯᠢᠶᠡᠳ ᠶᠡᠭᠡ ᠪᠠᠶᠢᠵᠦ᠂ ᠪᠦᠬᠦᠨ ᠢ ᠪᠤᠶᠤ ᠬᠡᠰᠡᠭ | ᠳᠠᠯ᠎ᠠ ᠶᠢᠨ ᠤᠶᠢᠯᠡᠳᠪᠤᠷᠢᠯᠡᠯ ᠤᠨ ᠠᠵᠢᠯ ᠢ ᠵᠤᠭᠰᠤᠭᠠᠬᠤ ᠶᠢᠨ ᠬᠠᠮᠳᠤ ᠵᠤᠬᠢᠬᠤ ᠴᠠᠭ ᠬᠤᠭᠤᠴᠠᠭᠠᠨ ᠳᠤ ᠴᠡᠭᠴᠡᠯᠡᠨ | ᠵᠠᠰᠠᠵᠦ ᠠᠷᠢᠯᠭᠠᠵᠦ ᠳᠡᠶᠢᠯᠬᠦ ᠳᠡᠯᠳᠡ ᠭᠡᠮ ᠡᠰᠡᠬᠦᠯ᠎ᠡ ᠭᠠᠳᠠᠭᠠᠳᠤ ᠬᠦᠴᠦᠨ ᠵᠤᠶᠢᠯ ᠤᠨ ᠨᠦᠯᠦᠭᠡ ᠠᠴᠠ ᠪᠤᠯᠵᠦ | ᠤᠶᠢᠯᠡᠳᠪᠤᠷᠢᠯᠠᠯ ᠡᠵᠡᠩᠨᠡᠯᠳᠡ ᠶᠢᠨ ᠨᠢᠭᠡᠴᠡ ᠶᠢᠨ ᠳᠤᠰ ᠪᠡᠶ᠎ᠡ ᠠᠴᠠ ᠪᠠᠨ ᠦᠭᠡᠶᠢᠰᠭᠡᠵᠦ ᠳᠠᠶᠢᠯᠬᠦ ᠦᠭᠡᠢ ᠳᠡᠯᠳᠠ | ᠭᠡᠮ ᠢ ᠵᠢᠭᠠᠵᠦ ᠪᠠᠶᠢᠨ᠎ᠠ᠃ | ᠨᠡᠬᠦᠷᠡᠰᠦᠨ ᠠᠭᠤᠷᠬᠠᠢ ᠶᠢᠨ ᠬᠦᠨᠳᠤ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠳᠤᠭᠳᠠᠭᠠᠬᠤ ᠳᠤ ︽ | ᠨᠡᠬᠦᠷᠡᠰᠦᠨ ᠠᠭᠤᠷᠬᠠᠢ ᠶᠢᠨ ᠬᠦᠨᠳᠤ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠳᠤᠭᠳᠠᠭᠠᠬᠤ ᠪᠠᠷᠢᠮᠵᠢᠶ᠎ᠡ︾ ︵ | ᠤᠯᠤᠰ ᠤᠨ ᠠᠮᠤᠷ ᠳᠦᠪᠰᠢᠨ ᠤ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠳᠤᠪᠴᠢᠶᠡᠨ ᠤ ᠵᠠᠷᠯᠢᠭ 85 ᠳ᠋ᠤᠭᠠᠷ | ᠳᠤᠭᠠᠳᠤ︶ ᠶᠢᠨ ᠳᠤᠭᠳᠠᠭᠠᠯ ᠶᠤᠰᠤᠭᠠᠷ ᠠᠶᠤᠯᠬᠦᠢ ᠤᠶᠢᠯᠡᠳᠪᠤᠷᠢᠯᠠᠯ ᠤᠨ ᠬᠢᠨᠠᠯᠳᠠ ᠬᠠᠮᠢᠶᠠᠷᠤᠯᠳᠠ ᠶᠢᠨ | ᠳᠤᠪᠴᠢᠶ᠎ᠡ ᠠᠴᠠ ᠮᠠᠭᠠᠳᠯᠠᠨ ᠳᠤᠭᠳᠠᠭᠠᠨ᠎ᠠ᠃ | ᠳᠦᠷᠪᠡᠳᠤᠭᠡᠷ ᠵᠤᠷᠪᠤᠰ᠂ ᠳᠤᠰ ᠠᠷᠭ᠎ᠠ ᠳᠤ ᠬᠡᠯᠡᠵᠦ ᠪᠠᠶᠢᠭ᠎ᠠ ᠠᠶᠤᠯᠬᠦᠢ ᠤᠶᠢᠯᠡᠳᠪᠤᠷᠢᠯᠠᠯ ᠤᠨ | ᠬᠠᠤᠯᠢ ᠠᠴᠠ ᠵᠦᠷᠢᠴᠡᠭᠰᠡᠨ ᠤᠶᠢᠯᠠ ᠠᠵᠢᠯᠯᠠᠭ᠎ᠠ ᠨᠢ ᠤᠯᠤᠰ ᠤᠨ ᠠᠶᠤᠯᠬᠦᠢ ᠤᠶᠢᠯᠡᠳᠪᠤᠷᠢᠯᠡᠯ ᠤᠨ ᠬᠢᠨᠠᠯᠳᠠ | ᠬᠠᠮᠢᠶᠠᠷᠤᠯᠳᠠ ᠶᠢᠨ ᠶᠡᠷᠦᠩᠭᠡᠢ ᠳᠤᠪᠴᠢᠶ᠎ᠡ ᠠᠴᠠ ᠳᠠᠷᠤᠮᠠᠯᠯᠠᠨ ᠳᠠᠷᠬᠠᠭᠠᠭᠰᠠᠨ ︽ᠠᠶᠤᠯᠬᠦᠢ ᠤᠶᠢᠯᠡᠳᠪᠤᠷᠢᠯᠠᠯ ᠤᠨ | ᠬᠠᠤᠯᠢ ᠪᠤᠰᠤ ᠬᠠᠤᠯᠢ ᠠᠴᠠ ᠵᠦᠷᠢᠴᠡᠭᠰᠡᠨ ᠤᠶᠢᠯᠠ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠠᠷᠭ᠎ᠠ︾ ︵ | ᠠᠶᠤᠯᠬᠦᠢ ᠤᠶᠢᠯᠡᠳᠪᠤᠷᠢᠯᠠᠯ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠤᠯᠤᠰ ᠳᠦᠷᠦ ᠬᠠᠤᠯᠢ ᠴᠠᠭᠠᠵᠠ ﹇ | 2011﹈ ᠤᠨ ᠤ 158 ᠳ᠋ᠤᠭᠠᠷ ᠳᠤᠭᠠᠳᠤ︶ ᠳᠤᠭᠳᠠᠭᠠᠭᠰᠠᠨ ᠵᠠᠷᠴᠢᠮ ᠶᠤᠰᠤᠭᠠᠷ ᠮᠠᠭᠠᠳᠯᠠᠨ ᠳᠤᠭᠳᠠᠭᠠᠨ᠎ᠠ᠃ | ᠭᠤᠤᠯᠳᠠᠭᠤ ᠳᠤᠤᠷᠠᠬᠢ ᠤᠶᠢᠯᠠ ᠠᠵᠢᠯᠯᠠᠭ᠎ᠠ ᠶᠢ ᠪᠠᠭᠳᠠᠭᠠᠨ᠎ᠠ᠃ ᠪᠤᠰᠤᠳ ᠰᠠᠯᠠᠭ᠎ᠠ ᠮᠦᠴᠢᠷ ᠦᠭᠡᠷ᠎ᠡ ᠪᠠᠷᠢᠮᠵᠢᠶ᠎ᠡ | ᠪᠠᠶᠢᠪᠠᠯ ᠲᠡᠷᠡ ᠳᠤᠭᠳᠠᠭᠠᠯ ᠢ ᠵᠢᠷᠤᠮᠯᠠᠨ᠎ᠠ᠃ | ︵ᠨᠢᠭᠡ︶ ᠬᠤᠯᠪᠤᠭᠳᠡᠯ ᠪᠦᠬᠦᠢ ᠠᠶᠤᠯᠬᠦᠢ ᠤᠶᠢᠯᠡᠳᠪᠤᠷᠢᠯᠠᠯ ᠤᠨ ᠵᠦᠪᠰᠢᠶᠡᠷᠡᠯ ᠤᠨ ᠦᠨᠡᠮᠯᠡᠯ | ᠤᠯᠤᠭᠰᠠᠨ ᠦᠭᠡᠢ ᠪᠤᠶᠦ ᠭᠡᠷᠡᠴᠢ ᠦᠨᠡᠮᠯᠡᠯ ᠨᠢ ᠪᠦᠷᠢᠨ ᠪᠤᠰᠤ᠂ ᠭᠡᠷᠡᠴᠢ ᠦᠨᠡᠮᠯᠡᠯ ᠨᠢ ᠬᠤᠭᠤᠴᠠᠭ᠎ᠠ | ᠦᠩᠭᠡᠷᠡᠭᠰᠡᠨ᠂ ᠬᠠᠤᠯᠢ ᠶᠤᠰᠤᠭᠠᠷ ᠵᠦᠪᠰᠢᠶᠡᠷᠡᠯ ᠤᠯᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ | ᠳᠡᠩᠴᠡᠭᠰᠡᠨ ᠦᠭᠡᠢ ᠪᠠᠷ ᠳᠤᠷ᠎ᠠ ᠪᠠᠷ ᠢᠶᠠᠨ ᠤᠶᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠬᠢᠭᠰᠡᠨ᠂ | ᠤᠶᠢᠯᠡᠳᠪᠤᠷᠢᠯᠡᠯ ᠢ ᠵᠤᠭᠰᠤᠭᠠᠨ ᠴᠡᠭᠴᠡᠯᠡᠨ ᠮᠡᠷᠭᠡᠵᠢᠯ ᠤᠨ ᠦᠭᠡᠷᠡᠴᠢᠯᠡᠯᠳᠠ ᠶᠢ ᠰᠢᠯᠭᠠᠨ ᠠᠪᠤᠭᠤᠯᠤᠭᠰᠠᠨ | ᠦᠭᠡᠢ ᠪᠠᠷ ᠳᠤᠷ᠎ᠠ ᠪᠠᠷ ᠢᠶᠠᠨ ᠵᠤᠬᠢᠶᠠᠨ ᠪᠠᠶᠢᠭᠤᠯᠵᠦ ᠤᠶᠢᠯᠡᠳᠪᠤᠷᠢᠯᠡᠭᠰᠡᠨ ᠪᠠ ᠪᠦᠳᠦᠭᠡᠨ ᠪᠠᠶᠢᠭᠤᠯᠤᠯᠳᠠ ᠶᠢᠨ | ᠵᠤᠶᠢᠯᠡᠰ ᠤᠨ ᠠᠶᠤᠯᠬᠦᠢ ᠶᠢᠨ ᠳᠦᠬᠦᠭᠡᠷᠦᠮᠵᠢ ᠶᠢᠨ ︽ᠭᠤᠷᠪᠠ ᠶᠢ ᠬᠠᠮᠳᠤ ᠳᠤ ᠨᠢ ᠬᠢᠬᠦ︾ ᠳᠤᠭᠳᠠᠭᠠᠯ ᠢ | ᠵᠦᠷᠢᠴᠡᠭᠰᠡᠨ ᠠᠵᠢᠯᠯᠠᠭ᠎ᠠ ᠪᠠᠭᠳᠠᠨ᠎ᠠ᠃ | ︵ᠬᠤᠶᠠᠷ︶ ᠠᠵᠢᠯᠯᠠᠵᠦ ᠪᠠᠶᠢᠭ᠎ᠠ ᠬᠦᠮᠦᠰ ᠢᠶᠠᠷ ᠢᠶᠠᠨ ᠬᠠᠤᠯᠢ ᠶᠤᠰᠤᠭᠠᠷ ᠠᠶᠤᠯᠬᠦᠢ | ᠤᠶᠢᠯᠡᠳᠪᠤᠷᠢᠯᠠᠯ ᠤᠨ ᠬᠦᠮᠦᠵᠢᠯ ᠪᠤᠯᠪᠠᠰᠤᠷᠠᠯ ᠬᠢᠭᠰᠡᠨ ᠦᠭᠡᠢ ᠡᠰᠡᠬᠦᠯ᠎ᠡ ᠠᠭᠤᠷᠬᠠᠢ ᠪᠠ ᠠᠶᠤᠯ ᠲᠠᠢ ᠬᠢᠮᠢ ᠶᠢᠨ | ᠵᠤᠶᠢᠯ ᠢ ᠤᠶᠢᠯᠡᠳᠪᠤᠷᠢᠯᠡᠭᠰᠡᠨ᠂ ᠡᠵᠡᠩᠨᠡᠬᠦ᠂ ᠳᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ ᠠᠵᠢᠯ ᠬᠢᠬᠦ᠂ | ᠠᠶᠤᠯᠬᠦᠢ ᠤᠶᠢᠯᠡᠳᠪᠤᠷᠢᠯᠡᠯ ᠢ ᠬᠠᠮᠢᠶᠠᠷᠬᠤ ᠠᠵᠢᠯᠳᠡᠨ ᠬᠠᠤᠯᠢ ᠶᠤᠰᠤᠭᠠᠷ ᠠᠶᠤᠯᠬᠦᠢ ᠤᠶᠢᠯᠡᠳᠪᠤᠷᠢᠯᠡᠯ ᠤᠨ ᠮᠡᠳᠡᠯᠭᠡ | ᠪᠠ ᠬᠠᠮᠢᠶᠠᠷᠤᠯᠳᠠ ᠶᠢᠨ ᠴᠢᠳᠠᠪᠤᠷᠢ ᠶᠢᠨ ᠬᠢᠨᠠᠨ ᠰᠢᠯᠭᠠᠯᠳᠠ ᠳᠤ ᠬᠢᠷᠢ ᠳᠡᠩᠴᠡᠭᠰᠡᠨ ᠦᠭᠡᠢ ᠪᠤᠶᠤ ᠬᠢᠷᠢ ᠬᠡᠮ ᠤᠨ | ᠦᠨᠡᠮᠯᠡᠯ ᠢ ᠬᠠᠤᠯᠢ ᠶᠤᠰᠤᠭᠠᠷ ᠤᠯᠤᠭᠰᠠᠨ ᠦᠭᠡᠢ ᠪᠠᠷ ᠠᠵᠢᠯ ᠤᠨ ᠪᠠᠶᠢᠷᠢ ᠳᠤ ᠭᠠᠷᠴᠦ ᠠᠵᠢᠭᠯᠠᠭᠰᠠᠨ᠂ | ᠠᠵᠢᠯᠯᠠᠵᠦ ᠪᠠᠶᠢᠭ᠎ᠠ ᠬᠦᠮᠦᠰ ᠯᠤᠭ᠎ᠠ ᠬᠦᠳᠡᠯᠮᠤᠷᠢ ᠶᠢᠨ ᠭᠡᠷ᠎ᠡ ᠳᠤᠭᠳᠠᠭᠠᠬᠤ ᠳᠤ ᠪᠠᠨ ᠠᠵᠢᠯᠯᠠᠵᠦ ᠪᠠᠶᠢᠭ᠎ᠠ | ᠬᠦᠮᠦᠰ ᠤᠨ ᠤᠶᠢᠯᠡᠳᠪᠤᠷᠢᠯᠡᠯ ᠤᠨ ᠠᠶᠤᠯᠬᠦᠢ ᠶᠢᠨ ᠤᠶᠢᠯᠡᠳᠪᠤᠷᠢᠯᠡᠯ ᠤᠨ ᠠᠳᠡᠯ ᠠᠴᠠ ᠪᠤᠯᠤᠭᠰᠠᠨ ᠦᠬᠦᠯ | ᠰᠢᠷᠡᠭ᠌ᠳᠤᠯ ᠳᠤ ᠬᠠᠤᠯᠢ ᠶᠤᠰᠤᠭᠠᠷ ᠡᠬᠦᠷᠭᠡᠯᠡᠬᠦ ᠬᠠᠷᠢᠭᠤᠴᠠᠯᠭ᠎ᠠ ᠪᠠᠨ ᠬᠡᠯᠳᠤᠷᠢᠬᠦᠯᠦᠭᠰᠡᠨ ᠪᠤᠶᠤ ᠬᠦᠩᠭᠡᠷᠡᠬᠦᠯᠦᠭᠰᠡᠨ | ᠪᠠᠭᠳᠠᠨ᠎ᠠ᠃ | ︵ᠭᠤᠷᠪᠠ︶ ᠤᠶᠢᠯᠡᠳᠪᠤᠷᠢᠯᠠᠯ ᠡᠵᠡᠩᠨᠡᠯᠳᠡ ᠶᠢᠨ ᠵᠤᠶᠢᠯᠡᠰ᠂ ᠳᠠᠯᠠᠪᠤᠷ ᠭᠠᠵᠠᠷ᠂ ᠳᠤᠨᠤᠭ | ᠳᠦᠬᠦᠭᠡᠷᠤᠮᠵᠢ ᠠᠶᠤᠯᠬᠦᠢ ᠤᠶᠢᠯᠡᠳᠪᠤᠷᠢᠯᠠᠯ ᠤᠨ ᠨᠦᠬᠦᠴᠡᠯ ᠢ ᠪᠦᠷᠢᠯᠳᠤᠬᠦᠯᠦᠭᠰᠡᠨ ᠦᠭᠡᠢ᠂ ᠡᠰᠡᠬᠦᠯ᠎ᠡ | ᠳᠠᠭᠠᠭᠠᠴᠢᠯᠠᠭᠰᠠᠨ ᠨᠢᠭᠡᠴᠢ᠂ ᠳᠦᠷᠢᠶᠡᠰᠦᠯᠡᠭᠰᠡᠨ ᠨᠢᠭᠡᠴᠢ ᠲᠠᠢ ᠠᠶᠤᠯᠬᠦᠢ ᠤᠶᠢᠯᠡᠳᠪᠤᠷᠢᠯᠠᠯ ᠤᠨ | ᠬᠠᠮᠢᠶᠠᠷᠤᠯᠳᠠ ᠶᠢᠨ ᠳᠤᠰᠬᠠᠢ ᠬᠡᠯᠡᠯᠴᠡᠭᠡᠷ ᠳᠤᠭᠳᠠᠭᠠᠭᠰᠠᠨ ᠦᠭᠡᠢ᠂ ᠡᠰᠡᠬᠦᠯ᠎ᠡ ᠳᠠᠭᠠᠭᠠᠴᠢᠯᠠᠨ ᠳᠦᠷᠢᠶᠡᠰᠦᠯᠡᠭᠰᠡᠨ | ᠨᠢᠭᠡᠴᠢ ᠶᠢᠨ ᠠᠶᠤᠯᠬᠦᠢ ᠤᠶᠢᠯᠡᠳᠪᠤᠷᠢᠯᠡᠯ ᠢ ᠨᠢᠭᠡᠳᠤᠯᠳᠡᠢ ᠵᠤᠬᠢᠴᠠᠭᠤᠯᠤᠨ ᠬᠠᠮᠢᠶᠠᠷᠤᠭᠰᠠᠨ ᠦᠭᠡᠢ ᠠᠵᠢᠯᠯᠠᠭ᠎ᠠ | ᠪᠠᠭᠳᠠᠨ᠎ᠠ᠃ | ︵ᠳᠦᠷᠪᠡ︶ ᠤᠯᠤᠰ ᠠᠴᠠ ᠬᠤᠯᠪᠤᠭᠳᠡᠯ ᠪᠦᠬᠦᠢ ᠳᠤᠭᠳᠠᠭᠠᠯ ᠶᠤᠰᠤᠭᠠᠷ ᠴᠠᠭᠠᠵᠠᠯᠠᠭᠰᠠᠨ ᠠᠶᠤᠯᠬᠦᠢ | ᠤᠶᠢᠯᠡᠳᠪᠤᠷᠢᠯᠡᠯ ᠳᠤ ᠰᠦᠷᠳᠡᠬᠦᠯᠦᠯ ᠪᠤᠯᠬᠤ ᠤᠷᠠᠨ ᠮᠡᠷᠭᠡᠰᠢᠯ᠂ ᠳᠤᠨᠤᠭ ᠳᠦᠬᠦᠭᠡᠷᠦᠮᠵᠢ ᠶᠢ ᠬᠡᠷᠡᠭᠯᠡᠭᠰᠡᠨ | ᠪᠠᠭᠳᠠᠨ᠎ᠠ᠃ | ︵ᠳᠠᠪᠤ︶ ᠠᠶᠤᠯᠬᠦᠢ ᠶᠢ ᠦᠨᠡᠯᠡᠬᠦ᠂ ᠮᠠᠭᠠᠳᠯᠠᠨ ᠨᠤᠳᠠᠯᠠᠬᠤ᠂ ᠰᠢᠯᠭᠠᠨ ᠪᠠᠶᠢᠴᠠᠭᠠᠬᠤ ᠪᠠ ᠡᠷᠡᠬᠦᠯ | ᠬᠠᠮᠠᠭᠠᠯᠠᠯ ᠤᠨ ᠤᠶᠢᠯᠡᠴᠢᠯᠡᠭᠡ ᠶᠢ ᠡᠬᠦᠷᠭᠡᠯᠡᠬᠦ ᠪᠠᠶᠢᠭᠤᠯᠤᠮᠵᠢ ᠬᠤᠳᠠᠯ ᠬᠠᠭᠤᠷᠮᠠᠭ ᠭᠡᠷᠡᠴᠢ᠂ ᠪᠢᠴᠢᠭ ᠮᠠᠲ᠋ᠧᠷᠢᠶᠠᠯ | ᠭᠠᠷᠭᠠᠵᠦ ᠦᠭᠬᠦᠭᠰᠡᠨ ᠠᠵᠢᠯᠯᠠᠭ᠎ᠠ ᠪᠠᠭᠳᠠᠨ᠎ᠠ᠃ | ︵ᠵᠢᠷᠭᠤᠭ᠎ᠠ︶ ᠤᠶᠢᠯᠡᠳᠪᠤᠷᠢᠯᠠᠯ ᠤᠨ ᠠᠶᠤᠯᠬᠦᠢ ᠶᠢᠨ ᠠᠳᠡᠯ ᠢ ᠮᠡᠳᠡᠬᠦᠯᠬᠦ ᠦᠭᠡᠢ ᠨᠢᠭᠤᠬᠤ᠂ ᠬᠤᠳᠠᠯ ᠢᠶᠠᠷ | ᠮᠡᠳᠡᠬᠦᠯᠬᠦ᠂ ᠨᠢᠭᠤᠬᠤ ᠪᠤᠶᠤ ᠳᠤᠭᠳᠠᠭᠰᠠᠨ ᠬᠤᠭᠤᠴᠠᠭᠠᠨ ᠳᠤᠳᠤᠷ᠎ᠠ ᠴᠡᠭᠴᠡᠯᠡᠨ ᠵᠠᠰᠠᠬᠤ ᠦᠭᠡᠢ᠂ ᠡᠰᠡᠬᠦᠯ᠎ᠡ | ᠤᠶᠢᠯᠡᠳᠪᠤᠷᠢᠯᠠᠯ ᠡᠵᠡᠩᠨᠡᠯᠳᠠ ᠶᠢᠨ ᠨᠢᠭᠡᠴᠢ ᠶᠢᠨ ᠭᠤᠤᠯ ᠬᠠᠷᠢᠭᠤᠴᠠᠯᠭᠠᠳᠠᠨ ᠦᠬᠦᠵᠦ ᠰᠢᠷᠠᠭᠳᠤᠭᠰᠠᠨ ᠠᠳᠡᠯ | ᠭᠠᠷᠤᠭᠰᠠᠨ ᠤ ᠳᠠᠷᠠᠭ᠎ᠠ ᠤᠷᠭᠤᠨ ᠳᠠᠯᠳᠠᠯᠠᠭᠰᠠᠨ ᠠᠵᠢᠯᠯᠠᠭ᠎ᠠ ᠪᠠᠭᠳᠠᠨ᠎ᠠ᠃ | ︵ᠳᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠤᠭᠳᠠᠭᠠᠯ᠂ ᠠᠵᠢᠯ ᠳᠦᠷᠦᠯ ᠤᠨ | ᠪᠠᠷᠢᠮᠵᠢᠶ᠎ᠡ ᠳᠤ ᠳᠤᠭᠳᠠᠭᠠᠭᠰᠠᠨ ᠠᠶᠤᠯᠬᠦᠢ ᠤᠶᠢᠯᠡᠳᠪᠤᠷᠢᠯᠠᠯ ᠤᠨ ᠬᠠᠤᠯᠢ ᠠᠴᠠ ᠵᠦᠷᠢᠴᠡᠭᠰᠡᠨ ᠪᠤᠰᠤᠳ ᠠᠵᠢᠯᠯᠠᠭ᠎ᠠ | ᠪᠠᠭᠳᠠᠨ᠎ᠠ᠃ | ᠳᠠᠪᠤᠳᠤᠭᠠᠷ ᠵᠤᠷᠪᠤᠰ᠂ ᠢᠯᠡᠴᠢᠯᠡᠨ ᠮᠡᠳᠡᠬᠦᠯᠦᠭᠰᠡᠨ ᠢ ᠱᠠᠩᠨᠠᠬᠤ ᠠᠵᠢᠯ ᠳᠤ ︽ᠬᠠᠤᠯᠢ ᠶᠤᠰᠤᠭᠠᠷ | ᠢᠯᠡᠴᠢᠯᠡᠨ ᠮᠡᠳᠡᠬᠦᠯᠬᠦ᠂ ᠨᠢᠭᠡᠳᠤᠯᠳᠡᠢ ᠳᠤ ᠬᠦᠯᠢᠶᠡᠨ ᠠᠪᠴᠦ ᠰᠢᠢᠳᠪᠤᠷᠢᠯᠡᠬᠦ᠂ ᠨᠢᠭᠡᠳᠤᠯᠳᠠᠢ ᠳᠤ ᠱᠠᠩᠨᠠᠬᠤ︾ | ᠵᠠᠷᠴᠢᠮ ᠢ ᠵᠢᠷᠤᠮᠯᠠᠬᠤ ᠬᠡᠷᠡᠭᠳᠡᠢ᠃ ᠱᠠᠩᠨᠠᠯ ᠤᠨ ᠪᠡᠯᠡ ᠮᠦᠩᠭᠦ ᠳᠤ ᠡᠳ᠋ ᠤᠨ ᠵᠠᠰᠠᠭ ᠤᠨ ᠳᠦᠰᠦᠪ ᠲᠤ | ᠤᠷᠤᠭᠤᠯᠬᠤ ᠶᠢᠨ ᠬᠠᠮᠳᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠤᠨ ᠬᠢᠨᠠᠯᠳᠠ ᠶᠢ ᠬᠦᠯᠢᠶᠡᠨ᠎ᠡ᠃ | ᠵᠢᠷᠭᠤᠳᠤᠭᠠᠷ ᠵᠤᠷᠪᠤᠰ᠂ ᠬᠦᠨᠳᠤ ᠶᠡᠭᠡ ᠠᠳᠡᠯ ᠤᠨ ᠳᠠᠯᠳᠠ ᠬᠡᠮ᠂ ᠬᠠᠤᠯᠢ ᠠᠴᠠ ᠵᠦᠷᠢᠴᠡᠭᠰᠡᠨ ᠤᠶᠢᠯᠠ | ᠠᠵᠢᠯᠯᠠᠭ᠎ᠠ ᠶᠢ ᠨᠢᠭᠤᠨ ᠳᠠᠷᠤᠭᠠᠳ ᠮᠡᠳᠡᠬᠦᠯᠬᠦ ᠦᠭᠡᠢ ᠶᠢ ᠳᠤᠭᠤᠷᠢᠭ ᠤᠨ ᠠᠶᠤᠯᠬᠦᠢ ᠤᠶᠢᠯᠡᠳᠪᠤᠷᠢᠯᠠᠯ ᠤᠨ | ᠺᠤᠮᠢᠰ ᠤᠨ ᠠᠯᠪᠡᠨ ᠭᠡᠷ ᠠᠴᠠ ᠨᠢᠭᠡᠳᠤᠯᠳᠡᠢ ᠳᠤ ᠬᠦᠯᠢᠶᠡᠨ ᠠᠪᠴᠦ ᠰᠢᠢᠳᠪᠤᠷᠢᠯᠡᠨ᠎ᠡ᠃ | ︵ᠳᠤᠯᠤᠭ᠎ᠠ︶ ᠳᠤᠭᠤᠷᠢᠭ ᠤᠨ ᠠᠶᠤᠯᠬᠦᠢ ᠤᠶᠢᠯᠡᠳᠪᠤᠷᠢᠯᠠᠯ ᠤᠨ ᠺᠤᠮᠢᠰ ᠤᠨ ᠠᠯᠪᠡᠨ ᠭᠡᠷ ᠢᠯᠡᠴᠢᠯᠡᠨ | ᠮᠡᠳᠡᠬᠦᠯᠦᠭᠰᠡᠨ ᠬᠡᠷᠡᠭ ᠢ ᠤᠯᠠᠷᠢᠯ ᠪᠦᠷᠢ ᠡᠮᠬᠢᠯᠡᠨ ᠳᠢᠭᠯᠡᠵᠦ᠂ ᠬᠢᠨᠠᠨ ᠪᠠᠶᠢᠴᠠᠭᠠᠵᠦ ᠰᠢᠢᠳᠪᠤᠷᠢᠯᠡᠬᠦ ᠶᠢ | ᠬᠠᠷᠢᠭᠤᠴᠠᠵᠦ ᠪᠠᠶᠢᠭ᠎ᠠ ᠡᠯ᠎ᠡ ᠰᠠᠯᠠᠭ᠎ᠠ ᠮᠦᠴᠢᠷ ᠱᠠᠩᠨᠠᠯ ᠤᠨ ᠮᠦᠩᠬᠦ ᠶᠢᠨ ᠪᠤᠳᠠᠳᠤ ᠳᠤᠭ᠎ᠠ ᠶᠢ ᠳᠤᠭᠳᠠᠭᠠᠵᠦ᠂ | ᠵᠠᠰᠠᠭ ᠤᠨ ᠤᠷᠳᠤᠨ ᠳᠡᠭᠡᠭᠰᠢ ᠮᠡᠳᠡᠬᠦᠯᠦᠭᠰᠡᠨ ᠤ ᠳᠠᠷᠠᠭ᠎ᠠ ᠠᠶᠤᠯᠬᠦᠢ ᠤᠶᠢᠯᠡᠳᠪᠤᠷᠢᠯᠠᠯ ᠤᠨ ᠺᠤᠮᠢᠰ ᠤᠨ ᠠᠯᠪᠡᠨ | ᠭᠡᠷ ᠠᠴᠠ ᠢᠯᠡᠴᠢᠯᠡᠨ ᠮᠡᠳᠡᠬᠦᠯᠦᠭᠴᠢ ᠳᠤ ᠮᠡᠳᠡᠭᠳᠡᠨ ᠱᠠᠩᠨᠠᠯ ᠤᠨ ᠮᠦᠩᠭᠦ ᠠᠪᠤᠭᠤᠯᠤᠨ᠎ᠠ᠃ ᠢᠯᠡᠴᠢᠯᠡᠨ | ᠮᠡᠳᠡᠬᠦᠯᠦᠭᠴᠢ ᠱᠠᠩᠨᠠᠯ ᠠᠪᠬᠤ ᠮᠡᠳᠡᠭᠳᠡᠯ ᠤᠯᠤᠭᠰᠠᠨ ᠤ ᠳᠠᠷᠠᠭ᠎ᠠ᠂ 60 ᠡᠳᠤᠷ ᠤᠨ ᠳᠤᠳᠤᠷ᠎ᠠ ᠢᠯᠡᠴᠢᠯᠡᠨ | ᠮᠡᠳᠡᠬᠦᠯᠦᠭᠴᠢ ᠶᠢᠨ ᠬᠦᠴᠦᠨ ᠪᠦᠬᠦᠢ ᠦᠨᠡᠮᠯᠡᠯ ᠢᠶᠠᠨ ᠠᠪᠴᠦ ᠵᠢᠭᠠᠨ ᠳᠤᠭᠳᠠᠭᠠᠭᠰᠠᠨ ᠭᠠᠵᠠᠷ ᠲᠤ ᠤᠴᠢᠵᠦ | ᠱᠠᠩᠨᠠᠯ ᠤᠨ ᠮᠦᠩᠭᠦ ᠠᠪᠬᠤ ᠬᠡᠷᠡᠭᠳᠡᠢ᠃ | ᠨᠠᠢᠮᠠᠳᠤᠭᠠᠷ ᠵᠤᠷᠪᠤᠰ᠂ ᠢᠯᠡᠴᠢᠯᠡᠨ ᠮᠡᠳᠡᠬᠦᠯᠦᠭᠰᠡᠨ ᠬᠦᠨᠳᠤ ᠠᠳᠡᠯ ᠤᠨ ᠳᠠᠯᠳᠠ ᠬᠡᠮ ᠪᠤᠯᠤᠨ | ᠠᠶᠤᠯᠬᠦᠢ ᠤᠶᠢᠯᠡᠳᠪᠤᠷᠢᠯᠡᠯ ᠤᠨ ᠬᠠᠤᠯᠢ ᠠᠴᠠ ᠵᠦᠷᠢᠴᠡᠭᠰᠡᠨ ᠤᠶᠢᠯᠠ ᠠᠵᠢᠯᠯᠠᠭ᠎ᠠ ᠶᠢ ᠬᠤᠯᠪᠤᠭᠳᠡᠯ ᠪᠦᠬᠦᠢ | ᠳᠤᠭᠳᠠᠭᠠᠯ ᠶᠤᠰᠤᠭᠠᠷ ᠬᠠᠤᠯᠢ ᠶᠤᠰᠤᠭᠠᠷ ᠰᠢᠢᠳᠪᠤᠷᠢᠯᠡᠭᠰᠡᠨ ᠦᠭᠡᠢ ᠪᠠᠶᠢᠵᠦ᠂ ᠬᠢᠨᠠᠨ ᠪᠠᠶᠢᠴᠠᠭᠠᠳ ᠦᠨᠡᠨ | ᠪᠠᠶᠢᠪᠠᠯ ᠢᠯᠡᠴᠢᠯᠡᠨ ᠮᠡᠳᠡᠬᠦᠯᠦᠭᠴᠢ ᠳᠤ ᠪᠡᠯᠡᠨ ᠵᠤᠭᠤᠰ ᠤᠨ ᠱᠠᠩᠨᠠᠯ ᠤᠯᠭᠤᠨ᠎ᠠ᠃ | ᠶᠢᠰᠦᠳᠦᠭᠡᠷ ᠵᠤᠷᠪᠤᠰ᠂ ᠢᠯᠡᠴᠢᠯᠡᠨ ᠮᠡᠳᠡᠬᠦᠯᠦᠭᠰᠡᠨ ᠨᠢ ᠦᠨᠡᠨ ᠪᠤᠳᠠᠳᠠᠢ ᠪᠠᠶᠢᠬᠤ ᠬᠡᠷᠡᠭᠳᠡᠢ᠃ ᠪᠤᠳᠠᠳᠤ | ᠶᠠᠪᠤᠳᠠᠯ ᠢ ᠬᠤᠳᠠᠯ ᠢᠶᠠᠷ ᠵᠤᠬᠢᠶᠠᠵᠦ᠂ ᠪᠤᠰᠤᠳ ᠬᠦᠮᠦᠨ ᠪᠤᠯᠤᠨ ᠠᠵᠦ ᠠᠬᠤᠶᠢᠯᠠᠯ ᠢ ᠬᠦᠳᠭᠡᠨ ᠵᠠᠭᠠᠯᠳᠤᠵᠦ᠂ | ᠬᠦᠵᠢᠷᠯᠡᠨ ᠬᠤᠤᠷᠯᠠᠵᠦ ᠪᠤᠯᠬᠤ ᠦᠭᠡᠢ ᠶᠤᠮ᠃ ᠡᠰᠡ ᠳᠡᠭᠡᠪᠡᠯ᠂ ᠬᠠᠤᠯᠢ ᠶᠤᠰᠤᠭᠠᠷ ᠢᠯᠡᠴᠢᠯᠡᠨ | ᠮᠡᠳᠡᠬᠦᠯᠦᠭᠴᠢ ᠶᠢᠨ ᠬᠠᠷᠢᠭᠤᠴᠠᠯᠭ᠎ᠠ ᠶᠢ ᠨᠡᠭᠡᠮᠵᠢᠯᠡᠨ᠎ᠡ᠃ | ᠠᠷᠪᠠᠳᠤᠭᠠᠷ ᠵᠤᠷᠪᠤᠰ᠂ ᠳᠤᠤᠷᠠᠬᠢ ᠮᠡᠳᠤ ᠢᠯᠡᠴᠢᠯᠡᠨ ᠮᠡᠳᠡᠬᠦᠯᠦᠭᠰᠡᠨ ᠪᠠᠶᠢᠪᠠᠯ ᠱᠠᠩᠨᠠᠬᠤ ᠬᠡᠪᠴᠢᠶᠡᠨ ᠳᠤ | ᠪᠠᠭᠠᠳᠠᠬᠤ ᠦᠭᠡᠢ ᠪᠤᠯᠤᠨ᠎ᠠ᠃ | ︵ᠨᠢᠭᠡ︶ ᠢᠯᠡᠴᠢᠯᠡᠨ ᠮᠡᠳᠡᠬᠦᠯᠦᠭᠰᠡᠨ ᠪᠤᠳᠠᠳᠤ ᠶᠠᠪᠤᠳᠠᠯ ᠨᠢ ᠳᠤᠳᠤᠷᠬᠠᠢ ᠦᠭᠡᠢ᠂ ᠳᠠᠪᠬᠤᠷᠳᠠᠭᠤᠯᠤᠨ | ᠢᠯᠡᠴᠢᠯᠡᠨ ᠮᠡᠳᠡᠬᠦᠯᠦᠭᠰᠡᠨ ᠤᠶᠢᠯᠠ ᠠᠵᠢᠯᠯᠠᠭ᠎ᠠ ᠪᠠᠭᠳᠠᠨ᠎ᠠ᠃ | ︵ᠬᠤᠶᠠᠷ︶ ᠢᠯᠡᠴᠢᠯᠡᠨ ᠮᠡᠳᠡᠬᠦᠯᠦᠭᠰᠡᠨ ᠵᠤᠶᠢᠯ ᠨᠢ ᠨᠢᠭᠡᠨᠳᠡ ᠪᠠᠶᠢᠴᠠᠭᠠᠨ ᠢᠯᠡᠷᠡᠬᠦᠯᠦᠭᠡᠳ ᠬᠠᠷᠠᠬᠠᠨ | ᠳᠠᠭᠤᠰᠬᠠᠭᠠᠳᠤᠢ ᠪᠠᠶᠢᠬᠤ ᠠᠵᠢᠯᠯᠠᠭ᠎ᠠ ᠪᠠᠭᠳᠠᠨ᠎ᠠ᠃ | ︵ᠭᠤᠷᠪᠠ︶ ᠢᠯᠡᠴᠢᠯᠡᠨ ᠮᠡᠳᠡᠬᠦᠯᠦᠭᠰᠡᠨ ᠵᠤᠶᠢᠯ ᠨᠢ ᠴᠡᠭᠴᠡᠯᠡᠨ ᠦᠭᠡᠷᠡᠴᠢᠯᠡᠬᠦ ᠬᠤᠭᠤᠴᠠᠭᠠᠨ | ᠳᠤᠳᠤᠷ᠎ᠠ ᠪᠠᠶᠢᠬᠤ ᠠᠵᠢᠯᠯᠠᠭ᠎ᠠ ᠪᠠᠭᠳᠠᠨ᠎ᠠ᠃ | ︵ᠳᠦᠷᠪᠡ︶ ᠢᠯᠡᠴᠢᠯᠡᠨ ᠮᠡᠳᠡᠬᠦᠯᠬᠦ ᠠᠴᠠ ᠡᠮᠤᠨ᠎ᠡ ᠨᠢᠭᠡᠨᠳᠡ ᠤᠯᠵᠦ ᠮᠡᠳᠡᠭᠰᠡᠨ ᠠᠶᠤᠯᠬᠦᠢ | ᠤᠶᠢᠯᠡᠳᠪᠤᠷᠢᠯᠠᠯ ᠤᠨ ᠬᠠᠤᠯᠢ ᠠᠴᠠ ᠵᠦᠷᠢᠴᠡᠭᠰᠡᠨ ᠬᠡᠷᠡᠭ ᠪᠠᠭᠳᠠᠨ᠎ᠠ᠃ | ︵ᠳᠠᠪᠤ︶ ᠨᠡᠷ᠎ᠡ ᠪᠠᠨ ᠪᠤᠷᠤᠭᠤᠯᠠᠵᠦ ᠢᠯᠡᠴᠢᠯᠡᠨ ᠮᠡᠳᠡᠬᠦᠯᠦᠭᠡᠳ ᠬᠦᠴᠦᠨ ᠪᠦᠬᠦᠢ ᠬᠠᠷᠢᠯᠴᠠᠬᠤ ᠠᠷᠭ᠎ᠠ | ᠮᠠᠶ᠋ᠢᠭ ᠢᠶᠠᠨ ᠦᠯᠦ ᠦᠯᠡᠳᠡᠭᠡᠭᠰᠡᠨ ᠠᠵᠢᠯᠯᠠᠭ᠎ᠠ ᠪᠠᠭᠳᠠᠨ᠎ᠠ᠃ | ︵ᠵᠢᠷᠭᠤᠭ᠎ᠠ︶ ᠠᠶᠤᠯᠬᠦᠢ ᠤᠶᠢᠯᠡᠳᠪᠤᠷᠢᠯᠠᠯ ᠤᠨ ᠬᠢᠨᠠᠨ ᠬᠠᠮᠢᠶᠠᠷᠤᠯᠳᠠ ᠤᠨ ᠳᠤᠰᠢᠶᠠᠯ ᠬᠠᠷᠢᠭᠤᠴᠠᠯᠭ᠎ᠠ | ᠪᠦᠬᠦᠢ ᠠᠵᠢᠯᠳᠡᠨ ᠵᠢᠴᠢ ᠳᠡᠬᠦᠨ ᠤ ᠤᠶᠢᠷ᠎ᠠ ᠰᠠᠳᠤᠨ ᠤ ᠢᠯᠡᠴᠢᠯᠡᠨ ᠮᠡᠳᠡᠬᠦᠯᠦᠯᠳᠡ ᠶᠢᠨ ᠬᠡᠷᠡᠭ ᠪᠠᠭᠳᠠᠨ᠎ᠠ᠃ | ︵ᠳᠤᠯᠤᠭ᠎ᠠ︶ ᠬᠠᠤᠯᠢ ᠴᠠᠭᠠᠵᠠ ᠬᠠᠤᠯᠢ ᠳᠤᠭᠳᠠᠭᠠᠯ ᠳᠤ ᠨᠡᠶᠢᠴᠡᠬᠦ ᠦᠭᠡᠢ ᠱᠠᠩᠨᠠᠯ ᠤᠨ ᠪᠠᠶᠢᠳᠠᠯ | ᠪᠠᠭᠳᠠᠨ᠎ᠠ᠃ | ᠠᠷᠪᠠᠨ ᠨᠢᠭᠡᠳᠤᠭᠡᠷ ᠵᠤᠷᠪᠤᠰ᠂ ᠤᠯᠠᠨ ᠬᠦᠮᠦᠨ ᠨᠡᠷ᠎ᠡ ᠬᠤᠯᠪᠤᠭᠠᠯᠠᠨ ᠠᠳᠠᠯᠢ ᠨᠢᠭᠡ ᠤᠴᠢᠷ ᠶᠠᠪᠤᠳᠠᠯ ᠢ | ᠢᠯᠡᠴᠢᠯᠡᠨ ᠨᠡᠷ᠎ᠡ ᠮᠡᠳᠡᠬᠦᠯᠦᠭᠰᠡᠨ ᠪᠠᠶᠢᠪᠠᠯ᠂ ᠦᠨᠡᠨ ᠨᠡᠷ᠎ᠡ ᠪᠠᠷ ᠢᠯᠡᠴᠢᠯᠡᠨ ᠮᠡᠳᠡᠬᠦᠯᠦᠭᠰᠡᠨ ᠨᠢᠭᠡᠳᠤᠭᠡᠷ ᠨᠡᠷ᠎ᠡ | ᠪᠢᠴᠢᠭᠴᠢ ᠱᠠᠩᠨᠠᠯ ᠤᠨ ᠮᠦᠩᠬᠦ ᠠᠪᠤᠨ᠎ᠠ᠃ | ᠠᠷᠪᠠᠨ ᠬᠤᠶᠠᠳᠤᠭᠠᠷ ᠵᠤᠷᠪᠤᠰ᠂ ᠢᠯᠡᠴᠢᠯᠡᠨ ᠮᠡᠳᠡᠬᠦᠯᠦᠭᠰᠡᠨ ᠢ ᠬᠢᠨᠠᠨ ᠪᠠᠶᠢᠴᠠᠭᠠᠬᠤ ᠠᠵᠢᠯ ᠤᠨ | ᠱᠠᠭᠠᠷᠳᠠᠯᠭ᠎ᠠ | ︵ᠨᠢᠭᠡ︶ ᠢᠯᠡᠴᠢᠯᠡᠨ ᠮᠡᠳᠡᠬᠦᠯᠦᠭᠰᠡᠨ ᠮᠠᠲ᠋ᠧᠷᠢᠶᠠᠯ ᠤᠨ ᠤᠭ ᠮᠠᠲ᠋ᠧᠷᠢᠶᠠᠯ ᠪᠤᠶᠤ ᠬᠠᠭᠤᠯᠪᠤᠷᠢ ᠶᠢ | ᠭᠠᠷᠭᠠᠨ ᠦᠵᠡᠬᠦᠯᠵᠦ ᠪᠤᠯᠬᠤ ᠦᠭᠡᠢ᠂ ᠢᠯᠡᠴᠢᠯᠡᠨ ᠮᠡᠳᠡᠬᠦᠯᠦᠭᠴᠢ ᠶᠢ ᠵᠠᠳᠠᠷᠠᠭᠤᠯᠵᠦ ᠪᠤᠯᠬᠤ ᠦᠭᠡᠢ᠂ ᠪᠠᠶᠢᠴᠠᠭᠠᠬᠤ | ᠠᠵᠢᠯ ᠤᠨ ᠬᠡᠷᠡᠭᠴᠡᠭᠡ ᠠᠴᠠ ᠭᠠᠳᠠᠨ᠎ᠠ᠂ ᠦᠭᠡᠷ᠎ᠡ ᠡᠳᠡᠭᠡᠳ ᠤᠨ ᠪᠢᠴᠢᠭᠰᠡᠨ ᠨᠡᠷ᠎ᠡ ᠪᠠᠨ ᠨᠢᠭᠤᠭᠰᠠᠨ ᠵᠠᠬᠢᠳᠡᠯ ᠤᠨ | ᠭᠠᠷ ᠤᠨ ᠳᠢᠪ ᠢ ᠰᠢᠯᠭᠠᠨ ᠳᠤᠭᠳᠠᠭᠠᠵᠦ ᠪᠤᠯᠬᠤ ᠦᠭᠡᠢ ᠶᠤᠮ᠃ | ︵ᠬᠤᠶᠠᠷ︶ ᠢᠯᠡᠴᠢᠯᠡᠨ ᠮᠡᠳᠡᠬᠦᠯᠦᠭᠰᠡᠨ ᠭᠠᠪᠢᠶ᠎ᠠ ᠲᠠᠢ ᠬᠦᠮᠦᠰ ᠢ ᠬᠦᠬᠢᠬᠦᠯᠦᠨ ᠱᠠᠩᠨᠠᠬᠤ ᠳᠤ | ᠢᠯᠡᠴᠢᠯᠡᠨ ᠮᠡᠳᠡᠬᠦᠯᠦᠭᠰᠡᠨ ᠬᠦᠮᠦᠨ ᠤ ᠤᠪᠤᠭ ᠨᠡᠷ᠎ᠡ ᠶᠢ ᠢᠯᠡ ᠪᠤᠯᠭᠠᠵᠦ ᠪᠤᠯᠬᠤ ᠦᠭᠡᠢ ᠶᠤᠮ᠃ | ︵ᠭᠤᠷᠪᠠ︶ ᠪᠠᠶᠢᠴᠠᠭᠠᠯᠳᠠ ᠳᠠᠭᠤᠰᠤᠭᠰᠠᠨ ᠤ ᠳᠠᠷᠠᠭᠠᠬᠢ 10 ᠡᠳᠤᠷ ᠤᠨ ᠳᠤᠳᠤᠷ᠎ᠠ᠂ ᠵᠤᠬᠢᠬᠤ | ᠠᠷᠭ᠎ᠠ ᠬᠡᠯᠪᠡᠷᠢ ᠪᠠᠷ ᠢᠯᠡᠴᠢᠯᠡᠨ ᠮᠡᠳᠡᠬᠦᠯᠦᠭᠴᠢ ᠳᠤ ᠪᠠᠶᠢᠴᠠᠭᠠᠯᠳᠠ ᠶᠢᠨ ᠦᠷ᠎ᠠ ᠳ᠋ᠦᠩ ᠢ ᠬᠠᠷᠢᠭᠤ ᠳᠤᠰᠬᠠᠬᠤ | ᠬᠡᠷᠡᠭᠳᠡᠢ᠃ | ᠠᠷᠪᠠᠨ ᠭᠤᠷᠪᠠᠳᠤᠭᠠᠷ ᠵᠤᠷᠪᠤᠰ᠂ ᠡᠯ᠎ᠡ ᠰᠠᠯᠠᠭ᠎ᠠ ᠮᠦᠴᠢᠷ ᠢᠯᠡᠴᠢᠯᠡᠨ ᠮᠡᠳᠡᠬᠦᠯᠦᠭᠰᠡᠨ ᠵᠤᠶᠢᠯ ᠢ | ᠬᠦᠯᠢᠶᠡᠨ ᠠᠪᠤᠭᠰᠠᠨ ᠡᠳᠤᠷ ᠠᠴᠠ ᠡᠬᠢᠯᠡᠨ 60 ᠡᠳᠤᠷ ᠤᠨ ᠳᠤᠳᠤᠷ᠎ᠠ ᠰᠢᠢᠳᠪᠤᠷᠢᠯᠡᠵᠦ ᠳᠠᠭᠤᠰᠬᠠᠬᠤ ᠬᠡᠷᠡᠭᠳᠡᠢ᠃ | ᠪᠠᠶᠢᠴᠠᠭᠠᠨ ᠳᠤᠳᠤᠯᠬᠤ ᠶᠢᠨ ᠠᠷᠭ᠎ᠠ ᠦᠭᠡᠢ ᠪᠠᠶᠢᠪᠠᠯ ᠴᠠᠭ ᠳᠤᠬᠠᠢ ᠳᠤ ᠨᠢ ᠵᠠᠰᠠᠭ ᠤᠨ ᠤᠷᠳᠤᠨ ᠳᠤ ᠮᠡᠳᠡᠬᠦᠯᠵᠦ᠂ | ᠵᠠᠰᠠᠭ ᠤᠨ ᠤᠷᠳᠤᠨ ᠠᠴᠠ ᠳᠦᠷᠦᠬᠦᠯᠡᠨ ᠵᠤᠬᠢᠶᠠᠨ ᠪᠠᠶᠢᠭᠤᠯᠵᠦ ᠪᠠᠶᠢᠴᠠᠭᠠᠨ᠎ᠠ᠃ | ᠠᠷᠪᠠᠨ ᠳᠦᠷᠪᠡᠳᠤᠭᠡᠷ ᠵᠤᠷᠪᠤᠰ᠂ ᠪᠠᠶᠢᠴᠠᠭᠠᠳ ᠦᠨᠡᠨ ᠪᠠᠶᠢᠪᠠᠯ ᠳᠤᠤᠷᠠᠬᠢ ᠳᠤᠭᠳᠠᠭᠠᠯ ᠶᠤᠰᠤᠭᠠᠷ | ᠢᠯᠡᠴᠢᠯᠡᠨ ᠮᠡᠳᠡᠬᠦᠯᠦᠭᠴᠢ ᠳᠤ ᠪᠡᠯᠡᠨ ᠵᠤᠭᠤᠰ ᠤᠨ ᠱᠠᠩᠨᠠᠯ ᠤᠯᠭᠤᠨ᠎ᠠ᠃ | ︵ᠨᠢᠭᠡ︶ ᠬᠦᠨᠳᠤ ᠠᠳᠡᠯ ᠤᠨ ᠳᠠᠯᠳᠠ ᠬᠡᠮ ᠪᠤᠯᠤᠨ ᠠᠶᠤᠯᠬᠦᠢ ᠤᠶᠢᠯᠡᠳᠪᠤᠷᠢᠯᠡᠯ ᠤᠨ ᠬᠠᠤᠯᠢ ᠪᠠᠷ | ᠵᠦᠷᠢᠴᠡᠭᠰᠡᠨ ᠤᠶᠢᠯᠠ ᠠᠵᠢᠯᠯᠠᠭ᠎ᠠ ᠶᠢ ᠢᠯᠡᠴᠢᠯᠡᠨ ᠮᠡᠳᠡᠬᠦᠯᠦᠭᠰᠡᠨ ᠪᠤᠯ ᠵᠠᠰᠠᠭ ᠵᠠᠬᠢᠷᠭᠠᠨ ᠤ ᠰᠢᠢᠳᠭᠡᠨ | ᠳᠤᠷᠭᠤᠭᠠᠬᠤ ᠵᠤᠭᠤᠰ ᠤᠨ 15% ᠪᠠᠷ ᠪᠤᠳᠤᠨ᠎ᠠ᠃ ᠬᠠᠮᠤᠭ ᠪᠠᠭ᠎ᠠ ᠳᠤ ᠪᠠᠨ 3000 ᠳᠦᠬᠦᠷᠢᠭ᠂ ᠬᠠᠮᠤᠭ | ᠦᠨᠳᠤᠷ ᠲᠤ ᠪᠠᠨ 30 ᠳᠦᠮᠡᠨ ᠳᠦᠬᠦᠷᠢᠭ ᠢᠶᠠᠷ ᠬᠡᠳᠤᠷᠡᠬᠦᠯᠵᠦ ᠪᠤᠯᠬᠤ ᠦᠭᠡᠢ ᠪᠠᠶᠢᠳᠠᠭ᠃ ᠵᠠᠰᠠᠭ ᠵᠠᠬᠢᠷᠭᠠᠨ ᠤ | ᠰᠢᠢᠳᠭᠡᠯ ᠦᠭᠬᠦ ᠦᠨᠳᠦᠰᠦ ᠪᠠᠷᠢᠮᠳᠠ ︽ᠠᠶᠤᠯᠬᠦᠢ ᠤᠶᠢᠯᠡᠳᠪᠤᠷᠢᠯᠡᠯ ᠤᠨ ᠬᠠᠤᠯᠢ︾ ︽ᠠᠶᠤᠯᠬᠦᠢ | ᠤᠶᠢᠯᠡᠳᠪᠤᠷᠢᠯᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠦᠭᠬᠦ ᠠᠷᠭ᠎ᠠ︾ | ︽ᠨᠡᠬᠦᠷᠡᠰᠦᠨ ᠠᠭᠤᠷᠬᠠᠢ ᠶᠢᠨ ᠠᠶᠤᠯᠬᠦᠢ ᠶᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠰᠢᠢᠳᠭᠡᠯ ᠢ ᠴᠢᠯᠦᠭᠡᠳᠡᠢ | ᠳᠠᠰᠤᠯᠤᠯᠳᠠ ᠬᠢᠬᠦ ᠶᠢ ᠬᠡᠷᠡᠭᠵᠢᠬᠦᠯᠬᠦ ᠪᠡᠷᠢᠮᠵᠢᠶ᠎ᠡ︾ ᠵᠢᠴᠢ ᠪᠤᠰᠤᠳ ᠬᠠᠤᠯᠢ ᠴᠠᠭᠠᠵᠠ ᠬᠠᠤᠯᠢ ᠳᠤᠭᠳᠠᠭᠠᠯ ᠢ | ᠬᠡᠷᠡᠭᠵᠢᠬᠦᠯᠦᠨ᠎ᠡ᠃ | ︵ᠬᠤᠶᠠᠷ︶ ᠠᠳᠡᠯ ᠢ ᠮᠡᠳᠡᠬᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠬᠦᠯᠦᠭᠰᠡᠨ ᠢ ᠢᠯᠡᠴᠢᠯᠡᠨ | ᠮᠡᠳᠡᠬᠦᠯᠦᠭᠰᠡᠨ ᠪᠤᠯ ᠬᠤᠳᠠᠯ ᠢᠶᠠᠷ ᠮᠡᠳᠡᠬᠦᠯᠦᠭᠰᠡᠨ ᠶᠤᠰᠤᠭᠠᠷ ᠱᠠᠩᠨᠠᠬᠤ ᠬᠡᠷᠡᠭᠳᠡᠢ᠃ ᠡᠬᠦᠨ ᠳᠤ ᠡᠩ ᠤᠨ ᠠᠳᠡᠯ ᠢ | ᠪᠠᠶᠢᠴᠠᠭᠠᠨ ᠳᠤᠳᠤᠯᠬᠤ ᠪᠦᠷᠢ ᠨᠢᠭᠡ ᠬᠦᠮᠦᠨ ᠢ ᠨᠢᠭᠤᠨ ᠳᠠᠯᠳᠠᠯᠠᠵᠦ ᠬᠤᠳᠠᠯ ᠢᠶᠠᠷ ᠮᠡᠳᠡᠬᠦᠯᠦᠭᠰᠡᠨ ᠪᠠᠶᠢᠪᠠᠯ 3 | ᠳᠦᠮᠡᠨ ᠳᠦᠬᠦᠷᠢᠭ ᠢᠶᠠᠷ ᠱᠠᠩᠨᠠᠨ᠎ᠠ᠃ ᠨᠡᠯᠢᠶᠡᠳ ᠶᠡᠭᠡ ᠠᠳᠡᠯ ᠢ ᠪᠠᠶᠢᠴᠠᠭᠠᠨ ᠳᠤᠳᠤᠯᠬᠤ ᠪᠦᠷᠢ ᠨᠢᠭᠡ ᠬᠦᠮᠦᠨ ᠢ | ᠨᠢᠭᠤᠨ ᠳᠠᠯᠳᠠᠯᠠᠵᠦ ᠬᠤᠳᠠᠯ ᠢᠶᠠᠷ ᠮᠡᠳᠡᠬᠦᠯᠦᠭᠰᠡᠨ ᠪᠠᠶᠢᠪᠠᠯ 4 ᠳᠦᠮᠡᠨ ᠳᠦᠬᠦᠷᠢᠭ ᠢᠶᠠᠷ ᠱᠠᠩᠨᠠᠨ᠎ᠠ᠃ ᠬᠦᠨᠳᠤ | ᠶᠡᠭᠡ ᠠᠳᠡᠯ ᠢ ᠪᠠᠶᠢᠴᠠᠭᠠᠨ ᠳᠤᠳᠤᠯᠬᠤ ᠪᠦᠷᠢ ᠨᠢᠭᠡ ᠬᠦᠮᠦᠨ ᠢ ᠨᠢᠭᠤᠨ ᠳᠠᠯᠳᠠᠯᠠᠵᠦ ᠬᠤᠳᠠᠯ ᠢᠶᠠᠷ ᠮᠡᠳᠡᠬᠦᠯᠦᠭᠰᠡᠨ | ᠪᠠᠶᠢᠪᠠᠯ 5 ᠳᠦᠮᠡᠨ ᠳᠦᠬᠦᠷᠢᠭ ᠢᠶᠠᠷ ᠱᠠᠩᠨᠠᠨ᠎ᠠ᠃ ᠤᠨᠴᠠᠭᠠᠢ ᠬᠦᠨᠳᠤ ᠶᠡᠭᠡ ᠠᠳᠡᠯ ᠢ ᠪᠠᠶᠢᠴᠠᠭᠠᠨ ᠳᠤᠳᠤᠯᠬᠤ | ᠪᠦᠷᠢ ᠨᠢᠭᠡ ᠬᠦᠮᠦᠨ ᠢ ᠨᠢᠭᠤᠨ ᠳᠠᠯᠳᠠᠯᠠᠵᠦ ᠬᠤᠳᠠᠯ ᠢᠶᠠᠷ ᠮᠡᠳᠡᠬᠦᠯᠦᠭᠰᠡᠨ ᠪᠠᠶᠢᠪᠠᠯ 6 ᠳᠦᠮᠡᠨ ᠳᠦᠬᠦᠷᠢᠭ ᠢᠶᠠᠷ | ᠱᠠᠩᠨᠠᠵᠦ᠂ ᠬᠠᠮᠤᠭ ᠦᠨᠳᠤᠷ ᠲᠤ ᠪᠠᠨ 30 ᠳᠦᠮᠡᠨ ᠳᠦᠬᠦᠷᠢᠭ ᠠᠴᠠ ᠬᠡᠳᠤᠷᠡᠬᠦᠯᠵᠦ ᠪᠤᠯᠬᠤ ᠦᠭᠡᠢ ᠶᠤᠮ᠃ | ᠠᠷᠪᠡᠨ ᠳᠠᠪᠤᠳᠤᠭᠠᠷ ᠵᠤᠷᠪᠤᠰ᠂ ᠢᠯᠡᠴᠢᠯᠡᠨ ᠮᠡᠳᠡᠬᠦᠯᠦᠭᠰᠡᠨ ᠢ ᠰᠢᠢᠳᠪᠤᠷᠢᠯᠡᠭᠰᠡᠨ ᠠᠵᠢᠯ ᠳᠤ | ᠤᠷᠤᠯᠴᠠᠭᠰᠠᠨ ᠬᠦᠮᠦᠰ ᠡᠷᠬᠡᠪᠰᠢ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠳᠤ ᠶᠢ ᠴᠢᠩᠭ᠎ᠠ ᠵᠢᠷᠤᠮᠯᠡᠨ᠂ ᠢᠯᠡᠴᠢᠯᠡᠨ | ᠮᠡᠳᠡᠬᠦᠯᠦᠭᠰᠡᠨ ᠬᠦᠮᠦᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠬᠡᠷᠡᠭᠳᠡᠢ᠃ ᠳᠤᠤᠷ᠎ᠠ ᠵᠢᠭᠰᠠᠭᠠᠭᠰᠠᠨ | ᠤᠶᠢᠯᠠ ᠶᠠᠪᠤᠳᠠᠯ ᠪᠠᠶᠢᠪᠠᠯ ᠤᠶᠢᠯᠡ ᠶᠠᠪᠤᠳᠠᠯ ᠤᠨ ᠬᠦᠨᠳᠤ ᠬᠦᠩᠭᠡᠨ ᠢ ᠦᠵᠡᠵᠦ ᠵᠠᠰᠠᠭ ᠵᠠᠬᠢᠷᠭᠠᠨ ᠤ ᠰᠢᠢᠳᠭᠡᠯ | ᠦᠭᠴᠦ᠂ ᠶᠡᠯ᠎ᠡ ᠪᠤᠯᠵᠦ ᠪᠦᠷᠢᠯᠳᠤᠭ᠍ᠰᠡᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠨᠡᠭᠡᠮᠵᠢᠯᠡᠨ᠎ᠡ᠃ | ︵ᠨᠢᠭᠡ︶ ᠪᠠᠶᠢᠴᠠᠭᠠᠨ ᠰᠢᠢᠳᠪᠤᠷᠢᠯᠡᠬᠦ ᠮᠡᠳᠡᠭᠳᠡᠯ ᠤᠨ ᠪᠢᠴᠢᠭ ᠢ ᠤᠯᠤᠭᠰᠠᠨ ᠤ ᠳᠠᠷᠠᠭ᠎ᠠ᠂ ᠵᠦᠢ | ᠶᠤᠰᠤᠨ ᠤ ᠤᠴᠢᠷ ᠰᠢᠯᠳᠠᠭᠠᠨ ᠦᠭᠡᠢ ᠪᠠᠷ ᠴᠠᠭ ᠳᠤᠬᠠᠢ ᠳᠤ ᠨᠢ ᠰᠢᠢᠳᠪᠤᠷᠢᠯᠡᠭᠰᠡᠨ ᠦᠭᠡᠢ ᠠᠵᠢᠯᠯᠠᠭ᠎ᠠ ᠪᠠᠭᠳᠠᠨ᠎ᠠ | ᠃ | ︵ᠬᠤᠶᠠᠷ︶ ᠢᠯᠡᠴᠢᠯᠡᠭᠳᠡᠭᠴᠢ ᠳᠤ ᠴᠢᠮᠡᠭᠡ ᠬᠦᠷᠭᠡᠭᠰᠡᠨ ᠠᠵᠢᠯᠯᠠᠭ᠎ᠠ ᠪᠠᠭᠳᠠᠨ᠎ᠠ᠃ | ︵ᠭᠤᠷᠪᠠ︶ ᠬᠦᠬᠢᠬᠦᠯᠦᠨ ᠱᠠᠩᠨᠠᠬᠤ ᠶᠤᠰᠤᠳᠠᠢ ᠪᠠᠶᠢᠳᠠᠯ᠎ᠠ ᠳᠤᠭᠳᠠᠭᠠᠯ ᠶᠤᠰᠤᠭᠠᠷ ᠱᠠᠩᠨᠠᠯ ᠤᠨ | ᠮᠦᠩᠭᠦ ᠦᠭᠬᠦᠭᠰᠡᠨ ᠦᠭᠡᠢ ᠤᠶᠢᠯᠡ ᠠᠵᠢᠯᠯᠠᠭ᠎ᠠ ᠪᠠᠭᠳᠠᠨ᠎ᠠ᠃ | ︵ᠳᠦᠷᠪᠡ︶ ᠢᠯᠡᠴᠢᠯᠡᠨ ᠮᠡᠳᠡᠬᠦᠯᠦᠭᠴᠢ ᠶᠢᠨ ᠬᠤᠪᠢ ᠬᠦᠮᠦᠨ ᠤ ᠮᠡᠳᠡᠭᠡ ᠵᠠᠩᠭᠢ ᠪᠤᠶᠤ ᠢᠯᠡᠴᠢᠯᠡᠨ | ᠮᠡᠳᠡᠬᠦᠯᠦᠭᠰᠡᠨ ᠠᠭᠤᠯᠭ᠎ᠠ ᠶᠢ ᠵᠠᠳᠠᠷᠠᠭᠤᠯᠤᠭᠰᠠᠨ ᠠᠵᠢᠯᠯᠠᠭ᠎ᠠ ᠪᠠᠭᠳᠠᠨ᠎ᠠ᠃ | ᠠᠷᠪᠠᠨ ᠵᠢᠷᠭᠤᠳᠤᠭᠠᠷ ᠵᠤᠷᠪᠤᠰ᠂ ᠰᠢᠭᠤᠶᠢᠳᠤ ᠳᠤᠭᠤᠷᠢᠭ ᠤᠨ ᠠᠶᠤᠯᠬᠦᠢ ᠤᠶᠢᠯᠡᠳᠪᠤᠷᠢᠯᠡᠯ ᠤᠨ | ᠺᠤᠮᠢᠰ ᠤᠨ ᠠᠯᠪᠡᠨ ᠭᠡᠷ ᠤᠨ ᠢᠯᠡᠴᠢᠯᠡᠨ ᠮᠡᠳᠡᠬᠦᠯᠬᠦ ᠳ᠋ᠢᠶᠠᠩᠬᠤᠸᠠ 8728110᠂ ᠬᠠᠶ᠋ᠢᠭ᠄ ᠰᠢᠭᠤᠶᠢᠳᠤ ᠰᠢᠨ᠎ᠡ | ᠳᠤᠭᠤᠷᠢᠭ ᠤᠨ A135 ᠳᠠᠰᠤᠭ᠂ ᠰᠢᠤᠳᠡᠨ ᠬᠠᠶᠢᠷᠴᠠᠭ᠄ sgqajj@163. com᠃ ᠢᠯᠡᠴᠢᠯᠡᠨ | ᠮᠡᠳᠡᠬᠦᠯᠦᠭᠴᠢ ᠵᠠᠬᠢᠳᠡᠯ ᠢᠮᠧᠯ᠂ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠭᠤᠳ | ᠳᠤᠭᠤᠷᠢᠭ ᠤᠨ ᠠᠮᠤᠷ ᠳᠦᠪᠰᠢᠨ ᠤ ᠵᠦᠪᠯᠡᠯ ᠤᠨ ᠠᠯᠪᠡᠨ ᠭᠡᠷ ᠲᠤ ᠢᠯᠡᠴᠢᠯᠡᠨ ᠮᠡᠳᠡᠬᠦᠯᠵᠦ ᠪᠤᠯᠤᠨ᠎ᠠ᠃ | ᠳᠤᠭᠤᠷᠢᠭ ᠤᠨ ᠠᠶᠤᠯᠬᠦᠢ ᠤᠶᠢᠯᠡᠳᠪᠤᠷᠢᠯᠡᠯ ᠤᠨ ᠺᠤᠮᠢᠰ ᠤᠨ ᠠᠯᠪᠠᠨ ᠭᠡᠷ ᠬᠦᠨᠳᠤ ᠶᠡᠭᠡ ᠠᠳᠡᠯ ᠤᠨ ᠳᠠᠯᠳᠠ ᠭᠡᠮ | ᠪᠤᠯᠤᠨ ᠠᠶᠤᠯᠬᠦᠢ ᠤᠶᠢᠯᠡᠳᠪᠤᠷᠢᠯᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠦᠭᠰᠡᠨ ᠢ | ᠬᠦᠯᠢᠶᠡᠨ ᠠᠪᠴᠦ ᠰᠢᠢᠳᠪᠤᠷᠢᠯᠡᠬᠦ᠂ ᠬᠢᠨᠠᠨ ᠪᠠᠶᠢᠴᠠᠭᠠᠵᠦ ᠰᠢᠯᠵᠢᠬᠦᠯᠦᠨ ᠬᠦᠷᠭᠡᠬᠦ ᠵᠡᠷᠭᠡ ᠳᠦᠷᠢᠮ ᠢ ᠪᠠᠶᠢᠭᠤᠯᠤᠨ | ᠪᠦᠷᠢᠨᠰᠢᠬᠦᠯᠬᠦ ᠶᠢ ᠬᠠᠷᠢᠭᠤᠴᠠᠨ᠎ᠠ᠃ | ᠢᠯᠡᠴᠢᠯᠡᠨ ᠮᠡᠳᠡᠬᠦᠯᠬᠦ ᠳᠤ ᠦᠨᠡᠨ ᠨᠡᠷ᠎ᠡ ᠪᠠᠷ ᠢᠯᠡᠴᠢᠯᠡᠨ ᠮᠡᠳᠡᠬᠦᠯᠬᠦ ᠶᠢ ᠵᠤᠷᠢᠭᠵᠢᠭᠤᠯᠵᠦ᠂ ᠦᠨᠡᠨ | ᠨᠡᠷ᠎ᠡ ᠪᠠᠷ ᠢᠯᠡᠴᠢᠯᠡᠨ ᠮᠡᠳᠡᠬᠦᠯᠦᠭᠰᠡᠨ ᠪᠠᠶᠢᠪᠠᠯ ᠢᠯᠡᠴᠢᠯᠡᠨ ᠮᠡᠳᠡᠬᠦᠯᠦᠭᠴᠢ ᠨᠢ ᠳᠤᠰ ᠬᠦᠮᠦᠨ ᠤ ᠦᠨᠡᠨ ᠤᠪᠤᠭ | ᠨᠡᠷ᠎ᠡ᠂ ᠤᠳᠠᠰᠤᠨ ᠨᠤᠮᠧᠷ᠂ ᠬᠠᠤᠯᠢ ᠠᠴᠠ ᠵᠦᠷᠢᠴᠡᠭᠰᠡᠨ ᠪᠡᠶᠡᠴᠢ ᠴᠤᠭᠴᠠ ᠶᠢᠨ ᠨᠡᠷᠡᠶᠢᠳᠤᠯ᠂ ᠭᠠᠵᠠᠷ ᠤᠷᠤᠨ᠂ | ᠬᠠᠤᠯᠢ ᠠᠴᠠ ᠵᠦᠷᠢᠴᠡᠭᠰᠡᠨ ᠤᠶᠢᠯᠡ ᠠᠵᠢᠯᠯᠠᠭ᠎ᠠ ᠶᠢᠨ ᠠᠭᠤᠯᠭ᠎ᠠ ᠵᠡᠷᠭᠡ ᠬᠠᠮᠢᠶ᠎ᠡ ᠪᠦᠬᠦᠢ ᠮᠠᠲ᠋ᠧᠷᠢᠶᠠᠯ ︵ᠵᠢᠷᠤᠭ | ᠳᠦᠷᠰᠦ ᠶᠢᠨ ᠮᠠᠲ᠋ᠧᠷᠢᠶᠠᠯ ᠪᠠᠭᠳᠠᠨ᠎ᠠ︶ ᠢ ᠬᠠᠩᠭᠠᠬᠤ ᠬᠡᠷᠡᠭᠳᠡᠢ᠃ | ᠠᠷᠪᠠᠨ ᠳᠤᠯᠤᠳᠤᠭᠠᠷ ᠵᠤᠷᠪᠤᠰ᠂ ᠳᠤᠰ ᠠᠷᠭ᠎ᠠ ᠶᠢ ᠰᠢᠭᠤᠶᠢᠳᠤ ᠳᠤᠭᠤᠷᠢᠭ ᠤᠨ ᠠᠶᠤᠯᠬᠦᠢ ᠶᠢᠨ | ᠵᠦᠪᠯᠡᠯ ᠤᠨ ᠠᠯᠪᠡᠨ ᠭᠡᠷ ᠠᠴᠠ ᠬᠠᠷᠢᠭᠤᠴᠠᠨ ᠳᠠᠶᠢᠯᠪᠤᠷᠢᠯᠡᠨᠡ᠃ | ᠠᠷᠪᠠᠨ ᠨᠠᠢᠮᠠᠳᠤᠭᠠᠷ ᠵᠤᠷᠪᠤᠰ᠂ ᠳᠤᠰ ᠠᠷᠭ᠎ᠠ ᠶᠢ ᠨᠡᠶᠢᠳᠡᠯᠡᠭᠰᠡᠨ ᠡᠳᠤᠷ ᠠᠴᠠ ᠡᠬᠢᠯᠡᠵᠦ ᠬᠡᠷᠡᠭᠵᠢᠬᠦᠯᠦᠨ᠎ᠡ | ᠃ | | |