ᠰᠢᠭᠤᠶᠢᠳᠤ ᠳᠤᠭᠤᠷᠢᠭ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠳᠤᠭᠠᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-06-06
      5 ᠰᠠᠷ᠎ᠠ ᠶᠢᠨ 30 ᠤ ᠡᠳᠤᠷ᠂ ᠰᠢᠭᠤᠶᠢᠳᠤ ᠳᠤᠭᠤᠷᠢᠭ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠳᠤᠭᠠᠷ ᠬᠤᠷᠠᠯᠳᠤᠭᠠᠨ ᠬᠤᠷᠠᠯᠳᠤᠭᠤᠯᠪᠠ᠃ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠧᠢ ᠴᠢᠶᠠᠩ᠂ ᠳᠡᠳ᠋ ᠡᠷᠬᠢᠯᠡᠭᠴᠢ ᠶᠤᠤ ᠶᠦᠩ ᠠᠢ᠂ ᠶᠤᠸᠠᠢ ᠵᠢᠶᠠᠨ ᠪᠢᠨ᠂ ᠯᠢ ᠹᠧᠩ ᠮᠢᠩ᠂ ᠯᠢ ᠴᠢᠩ ᠵᠦᠩ ᠵᠢᠴᠢ ᠭᠡᠰᠢᠬᠦᠨ 25 ᠬᠦᠮᠦᠨ ᠬᠤᠷᠠᠯ ᠳᠤ ᠤᠷᠤᠯᠴᠠᠵᠦ᠂ ᠸᠧᠢ ᠴᠢᠶᠠᠩ ᠬᠤᠷᠠᠯ ᠢ ᠡᠷᠬᠢᠯᠡᠪᠡ᠃        ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠸᠠᠩ ᠬᠤᠢ᠂ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠳᠠᠷᠤᠭ᠎ᠠ ᠯᠢ ᡁᠢ᠂ ᠳᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠳᠠᠷᠤᠭ᠎ᠠ ᠮᠠ ᠵᠠᠨ ᠱᠧᠩ᠂ ᠳᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠮᠠ ᠶᠠᠨ ᠯᠢ᠂ ᠳᠤᠭᠤᠷᠢᠭ ᠤᠨ ᠵᠠᠰᠠᠭ ᠤᠨ ᠤᠷᠳᠤᠨ ᠤ ᠠᠯᠪᠡᠨ ᠬᠡᠷ ᠵᠡᠷᠭᠡ ᠬᠤᠯᠪᠤᠭᠳᠡᠯ ᠪᠦᠬᠦᠢ ᠰᠠᠯᠠᠭ᠎ᠠ ᠮᠦᠴᠢᠷ ᠨᠢᠭᠡᠴᠡ ᠶᠢᠨ ᠬᠠᠷᠢᠭᠤᠴᠠᠯᠭᠠᠳᠡᠨ᠂ ᠡᠯ᠎ᠡ ᠭᠠᠵᠠᠷ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠯᠪᠤᠭᠠᠴᠢᠨ ᠬᠤᠷᠠᠯ ᠳᠤ ᠰᠤᠯᠠ ᠤᠷᠤᠯᠴᠠᠪᠠ᠃
 
             ᠬᠤᠷᠠᠯ ᠠᠴᠠ ᠠᠵᠢᠯᠳᠡᠨ ᠤ ᠶᠠᠪᠤᠳᠠᠯ ᠤᠨ ᠳᠤᠰᠢᠶᠠᠯ ᠳᠤ ᠳᠤᠮᠢᠯᠠᠬᠤ ᠪᠠ ᠪᠠᠭᠤᠯᠭᠠᠬᠤ ᠬᠤᠯᠪᠤᠭᠳᠡᠯ ᠪᠦᠬᠦᠢ ᠤᠴᠢᠷ ᠶᠠᠪᠤᠳᠡᠯ ᠢ ᠬᠢᠨᠠᠨ ᠶᠠᠷᠢᠯᠴᠠᠵᠦ᠂ ᠸᠠᠩ ᠺᠧ ᠸᠧᠢ ᠶᠢᠨ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠨ ᠳᠤᠰᠢᠶᠡᠯ ᠢ ᠤᠭᠴᠠᠷᠠᠭᠤᠯᠬᠤ ᠪᠠᠷ ᠳᠤᠭᠳᠠᠵᠦ᠂ ᠸᠠᠩ ᡁᠢ ᠭᠠᠩ ᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠪᠠᠷ ᠳᠤᠮᠢᠯᠠᠵᠦ᠂ ᠵᠠᠩ ᠵᠢᠶᠠᠨ ᠬᠤᠸᠠ ᠶᠢ ᠬᠢᠨᠠᠨ ᠪᠠᠶᠢᠴᠠᠭᠠᠬᠤ ᠵᠦᠪᠯᠡᠯ ᠤᠨ ᠳᠡᠳ᠋ ᠡᠷᠬᠢᠯᠡᠭᠴᠢ ᠪᠠᠷ ᠳᠤᠮᠢᠯᠠᠵᠦ᠂ ᠸᠧᠢ ᠴᠢᠶᠠᠩ ᠰᠢᠨ᠎ᠡ ᠪᠠᠷ ᠳᠤᠮᠢᠯᠠᠭᠰᠠᠨ ᠬᠦᠮᠦᠰ ᠲᠤ ᠳᠤᠰᠢᠶᠡᠯ ᠡᠬᠦᠷᠭᠡᠯᠡᠬᠦ ᠪᠢᠴᠢᠭ ᠭᠠᠷᠳᠠᠭᠤᠯᠵᠠᠢ᠃          ᠬᠤᠷᠠᠯ ᠠᠴᠠ ︽ᠰᠢᠭᠤᠶᠢᠳᠤ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠰᠢᠭᠤᠶᠢᠳᠤ ᠳᠤᠭᠤᠷᠢᠭ ᠤᠨ ᠠᠮᠢ ᠠᠬᠤᠢ ᠶᠢᠨ ᠤᠷᠴᠢᠨ ᠳᠤᠭᠤᠷᠢᠨ ᠢ ᠵᠠᠰᠠᠨ ᠰᠡᠷᠬᠦᠭᠡᠵᠦ ᠬᠠᠮᠠᠭᠠᠯᠠᠬᠤ ᠠᠵᠢᠯ ᠤᠨ ᠪᠠᠶᠢᠳᠠᠯ ᠤᠨ ᠳᠤᠬᠠᠢ ᠮᠡᠳᠡᠬᠦᠯᠦᠯᠳᠡ ᠶᠢ ᠬᠢᠨᠠᠨ ᠵᠦᠪᠯᠡᠭᠰᠡᠨ ᠰᠠᠨᠠᠯ﹀ ᠢ ᠰᠢᠢᠳᠪᠤᠷᠢᠯᠡᠭᠰᠡᠨ ᠪᠠᠶᠢᠳᠠᠯ ᠤᠨ ᠳᠤᠬᠠᠢ ᠮᠡᠳᠡᠬᠦᠯᠦᠯᠳᠡ︾᠂ ︽ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ︿ᠰᠢᠭᠤᠶᠢᠳᠤ ᠳᠤᠭᠤᠷᠢᠭ ᠤᠨ ᠳᠤᠮᠤ ᠳ᠋ᠠᠶᠢᠲ᠋ᠠ ᠶᠢᠨ ᠠᠵᠦ ᠤᠶᠢᠯᠡᠰ ᠤᠨ ᠬᠦᠭᠵᠢᠯᠳᠡ ᠶᠢᠨ ᠪᠠᠶᠢᠳᠡᠯ ᠤᠨ ᠳᠤᠬᠠᠢ ᠮᠡᠳᠡᠬᠦᠯᠦᠯᠳᠡ ᠶᠢ ᠬᠢᠨᠠᠨ ᠶᠠᠷᠢᠯᠴᠠᠭᠰᠠᠨ ᠰᠠᠨᠠᠯ﹀ ᠢ ᠰᠢᠢᠳᠪᠤᠷᠢᠯᠡᠭᠰᠡᠨ ᠪᠠᠶᠢᠳᠠᠯ ᠤᠨ ᠳᠤᠬᠠᠢ ᠮᠡᠳᠡᠬᠦᠯᠦᠯᠳᠡ︾᠂ ︽ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ︿ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠠᠵᠦ ᠤᠶᠢᠯᠡᠰ ᠤᠨ ᠬᠦᠷᠢᠶᠡᠯᠡᠩ ᠳᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠤᠨ ᠳᠤᠬᠠᠢ ᠠᠵᠢᠯ ᠤᠨ ᠮᠡᠳᠡᠬᠦᠯᠦᠯᠳᠡ ᠶᠢ ᠬᠢᠨᠠᠨ ᠶᠠᠷᠢᠯᠴᠠᠭᠰᠠᠨ ᠰᠠᠨᠠᠯ﹀ ᠢ ᠰᠢᠢᠳᠪᠤᠷᠢᠯᠡᠭᠰᠡᠨ ᠪᠠᠶᠢᠳᠠᠯ ᠤᠨ ᠳᠤᠬᠠᠢ ᠮᠡᠳᠡᠬᠦᠯᠦᠯᠳᠡ︾᠂ ︽ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ︿ᠰᠢᠭᠤᠶᠢᠳᠤ ᠳᠤᠭᠤᠷᠢᠭ ᠤᠨ ᠬᠤᠳᠠ ᠶᠢᠨ ᠶᠡᠷᠦᠩᠭᠡᠢ ᠳᠦᠯᠦᠪᠵᠢᠬᠦᠯᠭᠡ ︵2010-2020﹀ ᠶᠢᠨ ᠬᠡᠰᠡᠭ ᠳᠠᠯ᠎ᠠ ᠶᠢ ᠰᠢᠯᠢᠳᠡᠭᠵᠢᠬᠦᠯᠬᠦ ᠳᠦᠰᠦᠯ ᠤᠨ ᠳᠤᠬᠠᠢ ᠮᠡᠳᠡᠬᠦᠯᠦᠯᠳᠡ︾᠂ ︽ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ 2017 ᠤᠨ ᠬᠢᠨᠠᠨ ᠪᠤᠳᠤᠯᠳᠠ ᠪᠠᠷ ᠪᠠᠶᠢᠴᠠᠭᠠᠵᠦ ᠭᠠᠷᠭᠠᠭᠰᠠᠨ ᠠᠰᠠᠭᠤᠳᠡᠯ ᠢ ᠴᠡᠭᠴᠡᠯᠡᠨ ᠦᠭᠡᠷᠡᠴᠢᠯᠡᠵᠦ ᠨᠠᠶᠢᠳᠠᠪᠤᠷᠢᠵᠢᠭᠤᠯᠤᠭᠰᠡᠨ ᠪᠠᠶᠢᠳᠠᠯ ᠤᠨ ᠳᠤᠬᠠᠢ ᠮᠡᠳᠡᠬᠦᠯᠦᠯᠳᠡ︾᠂ ︽ᠰᠢᠭᠤᠶᠢᠳᠤ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠬᠦᠯᠦᠯᠳᠡ ᠶᠢ ᠪᠠᠶᠢᠴᠠᠭᠠᠬᠤ ᠳᠤᠭᠤᠶᠢᠯᠠᠩ ᠤᠨ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠠᠤᠯᠢ﹀ ᠶᠢ ᠬᠡᠷᠡᠭᠵᠢᠬᠦᠯᠦᠭᠰᠡᠨ ᠪᠠᠶᠢᠳᠡᠯ ᠢ ᠪᠠᠶᠢᠴᠠᠭᠠᠭᠰᠠᠨ ᠳᠤᠬᠠᠢ ᠮᠡᠳᠡᠬᠦᠯᠦᠯᠳᠡ︾ ᠶᠢ ᠰᠤᠨᠤᠰᠴᠦ᠂ ᠳᠡᠭᠡᠷᠡᠬᠢ 6 ᠢᠯᠡᠳᠭᠡᠯ ᠢ ᠬᠢᠨᠠᠨ ᠶᠠᠷᠢᠯᠴᠠᠵᠦ ᠪᠠᠳᠤᠯᠠᠪᠠ᠃
                 ᠬᠤᠷᠠᠯ ᠤᠨ ᠰᠡᠬᠦᠯ ᠳᠤ ᠰᠢᠨ᠎ᠡ ᠪᠠᠷ ᠳᠤᠮᠢᠯᠠᠭᠰᠠᠨ ᠳᠦᠷᠦ ᠶᠢᠨ ᠪᠠᠶᠢᠭᠤᠯᠤᠯᠭ᠎ᠠ ᠶᠢᠨ ᠠᠵᠢᠯᠳᠡᠨ ᠳᠤ ᠦᠨᠳᠦᠰᠤᠨ ᠬᠠᠤᠯᠢ ᠳᠤ ᠳᠠᠩᠭᠠᠷᠢᠭᠯᠠᠬᠤ ᠶᠤᠰᠤᠯᠠᠯ ᠶᠠᠪᠤᠭᠤᠯᠪᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号