ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠡᠨ ᠭᠡᠷ ︽ᠰᠢᠭᠤᠶᠢᠳᠤ ᠳᠤᠭᠤᠷᠢᠭ ᠤᠨ ᠰᠤᠷᠭᠠᠨ ᠬᠦᠮᠦᠵᠢᠯ ᠢ ᠳᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ ᠶᠢ ᠬᠡᠷᠡᠭᠵᠢᠬᠦᠯᠬᠦ ᠰᠠᠨᠠᠯ ︵2018 - 2020︶︾ ᠢ ᠳᠠᠷᠤᠮᠠᠯᠯᠠᠨ ᠳᠠᠷᠬᠠᠭᠠᠬᠤ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄
2019-07-01
                           ᠰᠢᠭᠤᠶᠢᠳᠤ ᠠᠯᠪᠡᠨ ᠳᠡᠷᠬᠠᠭᠠᠭᠰᠠᠨ ﹇2019﹈ 17 ᠳ᠋ᠤᠭᠠᠷ ᠳᠤᠭᠠᠳᠤ         ᠰᠢᠭᠤᠶᠢᠳᠤ ᠳᠤᠭᠤᠷᠢᠭ ᠤᠨ ᠰᠤᠷᠭᠠᠨ ᠬᠦᠮᠦᠵᠢᠯ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠰᠤᠷᠭᠠᠨ ᠬᠦᠮᠦᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠳᠦᠯᠦᠭᠡ ᠪᠤᠭᠤᠳᠤ ᠬᠤᠳᠠ ᠶᠢᠨ ︽ᠳᠤᠭᠤᠷᠢᠭ ᠤᠨ ᠳᠡᠷᠢᠬᠦᠨ ᠵᠡᠷᠭᠡ ᠶᠢᠨ ᠠᠷᠠᠳ ᠤᠨ ᠰᠠᠨᠠᠭᠠᠨ ᠳᠤ ᠨᠡᠶᠢᠴᠡᠭᠰᠡᠨ ᠤᠳᠤ ᠦᠶ᠎ᠡ ᠶᠢᠨ ᠰᠤᠷᠭᠠᠨ ᠬᠦᠮᠦᠵᠢᠯ ᠢ ᠡᠷᠬᠢᠯᠡᠬᠦ︾ ᠠᠵᠢᠯ ᠤᠨ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ ᠪᠤᠳᠠᠳᠠᠢ ᠲᠠᠢ ᠤᠶᠠᠯᠳᠤᠭᠤᠯᠤᠨ ᠳᠤᠰ ᠰᠠᠨᠠᠯ ᠢ ᠳᠤᠷᠠᠳᠪᠠ᠃ ᠨᠢᠭᠡ᠂ ᠵᠢᠯᠤᠭᠤᠳᠬᠤ ᠦᠵᠡᠯ ᠰᠠᠨᠠᠭ᠎ᠠ        ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠵᠦ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠦᠰᠦᠨ ᠡᠬᠦᠷᠭᠡ ᠶᠢ ᠨᠠᠶᠢᠳᠠᠪᠤᠷᠢᠵᠢᠭᠤᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠭᠡᠭᠰᠢᠯᠡᠬᠦᠯᠵᠦ᠂ ᠰᠢᠭᠤᠶᠢᠳᠤ ᠳᠤᠭᠤᠷᠢᠭ ᠤᠨ ᠰᠤᠷᠭᠠᠨ ᠬᠦᠮᠦᠵᠢᠯ ᠤᠨ ᠰᠢᠨ᠎ᠡ ᠳᠠᠪᠠᠯᠳᠠ ᠶᠢ ᠪᠡᠶᠡᠯᠡᠬᠦᠯᠵᠦ᠂ ᠠᠷᠠᠳ ᠳᠦᠮᠡᠨ ᠤ ᠰᠤᠷᠭᠠᠨ ᠬᠦᠮᠦᠵᠢᠯ ᠤᠨ ᠬᠡᠷᠡᠭᠴᠡᠭᠡ ᠶᠢ ᠬᠠᠩᠭᠠᠬᠤ ᠰᠢᠯᠢᠳᠡᠭ ᠰᠤᠷᠭᠠᠨ ᠬᠦᠮᠦᠵᠢᠯ ᠤᠨ ᠤᠶᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠦ ᠳᠤᠭᠤᠷᠢᠭ ᠤᠨ ᠠᠵᠦ ᠠᠬᠤᠢ ᠶᠢᠨ ᠬᠦᠭᠵᠢᠯᠳᠡ ᠳᠤ ᠨᠡᠩ ᠰᠠᠶᠢᠳᠤᠷ ᠤᠶᠢᠯᠡᠴᠢᠯᠡᠬᠦ ᠬᠡᠷᠡᠭᠳᠡᠢ᠃ᠬᠤᠶᠠᠷ᠂ ᠶᠡᠷᠦᠩᠭᠡᠢ ᠬᠦᠭᠵᠢᠯᠳᠡ ᠶᠢᠨ ᠬᠠᠷᠠᠯᠳᠠ ︵ᠨᠢᠭᠡ︶ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ         ᠵᠠᠰᠠᠭ ᠤᠨ ᠤᠷᠳᠤᠨ ᠢᠶᠠᠷ ᠭᠤᠤᠯᠯᠠᠭᠤᠯᠬᠤ᠂ ᠨᠡᠶᠢᠭᠡᠮ ᠠᠴᠠ ᠤᠷᠤᠯᠴᠠᠬᠤ᠂ ᠠᠯᠪᠠᠨ᠂ ᠠᠷᠠᠳ ᠠᠴᠠ ᠡᠷᠬᠢᠯᠡᠬᠦ ᠶᠢ ᠵᠡᠷᠭᠡ ᠪᠠᠷ ᠴᠢᠬᠤᠯᠠᠴᠢᠯᠠᠬᠤ ᠴᠡᠴᠡᠷᠯᠢᠭ ᠡᠷᠬᠢᠨᠯᠬᠦ ᠪᠠᠶᠢᠭᠤᠯᠤᠯ ᠢ ᠳᠡᠬᠦᠯᠳᠡᠷᠵᠢᠬᠦᠯᠦᠨ᠎ᠡ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠬᠡᠤᠬᠡᠳ ᠤᠨ ᠴᠡᠴᠡᠷᠯᠢᠭ ᠲᠤ ᠤᠷᠤᠬᠤ ᠪᠦᠬᠦ ᠨᠤᠷᠮ᠎ᠡ ᠶᠢ 97% ᠳᠤ ᠬᠦᠷᠭᠡᠨ᠎ᠡ᠃ ᠨᠢᠭᠡᠳᠤᠭᠡᠷ ᠳᠦᠷᠦᠯ ᠤᠨ ᠬᠦᠭᠡ ᠳᠡᠰ ᠤᠨ ᠬᠡᠤᠬᠡᠳ ᠤᠨ ᠴᠡᠴᠡᠷᠯᠢᠭ ᠤᠨ ᠬᠠᠷᠢᠴᠠᠯ ᠢ 100% ᠳᠤ ᠬᠦᠷᠦᠭᠦᠯᠦᠨ᠎ᠡ᠃ ︵ᠬᠤᠶᠠᠷ︶ ᠠᠯᠪᠡᠨ ᠵᠢᠷᠤᠮ ᠤᠨ ᠰᠤᠷᠭᠠᠨ ᠬᠦᠮᠦᠵᠢᠯ        ᠠᠯᠪᠡᠨ ᠵᠢᠷᠦᠮ ᠤᠨ ᠰᠤᠷᠭᠠᠨ ᠬᠦᠮᠦᠵᠢᠯ ᠢ ᠪᠠᠬᠢᠵᠢᠬᠦᠯᠦᠭᠰᠡᠨ ᠨᠤᠷᠮ᠎ᠠ 98% ᠬᠦᠷᠴᠦ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠠᠴᠠ ᠳᠤᠷᠭᠤᠨ ᠵᠤᠭᠰᠤᠭᠰᠠᠨ ᠨᠤᠷᠮ᠎ᠠ ᠶᠢ ᠳᠤᠰ ᠳᠤᠰ 1% ᠪᠠ 2% ᠳᠤᠳᠤᠷ᠎ᠠ ᠬᠢᠵᠠᠭᠠᠷᠯᠠᠨ᠎ᠠ᠃ ︵ᠭᠤᠷᠪᠠ︶ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠠᠤᠯᠢ ᠶᠢᠨ ᠰᠤᠷᠭᠠᠨ ᠬᠦᠮᠦᠵᠢᠯ        2018 ᠤᠨ ᠪᠤᠯᠬᠤ ᠳᠤ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠠᠤᠯᠢ ᠶᠢᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠭᠰᠠᠨ ᠪᠦᠬᠦ ᠨᠤᠷᠮ᠎ᠠ 93% ᠳᠤ ᠬᠦᠷᠴᠦ᠂ 2019 ᠤᠨ ᠳᠤ 95% ᠳᠤ ᠬᠦᠷᠴᠦ᠂ 2020 ᠤᠨ ᠳᠤ 97% ᠠᠴᠠ ᠳᠡᠭᠡᠭᠰᠢ ᠳᠤ ᠬᠦᠷᠦᠬᠦᠯᠵᠦ ᠭᠤᠷᠪᠠᠨ ᠵᠢᠯ ᠨᠡᠷᠡᠳᠤ ᠰᠢᠯᠢᠳᠡᠭ ᠰᠤᠷᠭᠠᠭᠤᠯᠢ ᠳᠡᠬᠦᠰᠦᠭᠰᠡᠳ ᠢ ᠰᠢᠨ᠎ᠡ ᠪᠠᠷ ᠡᠯᠰᠡᠬᠦ ᠪᠠᠷ ᠴᠢᠷᠮᠠᠶᠢᠵᠦ᠂ ᠳᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ ᠶᠢᠨ ᠶᠠᠰᠦ ᠴᠢᠨᠠᠷ ᠵᠢᠴᠢ ᠡᠯ᠎ᠡ ᠵᠤᠶᠢᠯ ᠤᠨ ᠬᠦᠢᠴᠡᠳᠭᠡᠯ ᠳᠤᠭ᠎ᠠ ᠦᠷᠬᠦᠯᠵᠢᠯᠡᠨ ᠳᠡᠭᠡᠭᠰᠢᠯᠡᠬᠦ ᠬᠠᠨᠳᠤᠰᠢ ᠶᠢ ᠪᠠᠳᠤᠯᠠᠨ᠎ᠠ᠃ ︵ᠳᠦᠷᠪᠡ︶ ᠤᠨᠴᠤᠭᠤᠢ ᠰᠤᠷᠭᠠᠨ ᠬᠦᠮᠦᠵᠢᠯ        2019 ᠤᠨ ᠳᠤ ᠰᠢᠭᠤᠶᠢᠳᠤ ᠳᠤᠭᠤᠷᠢᠭ ᠤᠨ ᠨᠢᠭᠡᠳᠤᠭᠡᠷ ᠳᠤᠮᠳᠠᠳᠤ ᠰᠤᠷᠭᠠᠭᠤᠯᠢ ᠳᠤ ᠤᠨᠴᠤᠭᠤᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠢᠴᠢᠶᠡᠯ ᠤᠨ ᠭᠡᠷ ᠨᠢᠭᠡ ᠨᠡᠭᠡᠭᠡᠵᠦ ᠵᠡᠮᠳᠡᠭ ᠬᠡᠤᠬᠡᠳ ᠤᠨ ᠰᠤᠷᠭᠠᠨ ᠬᠦᠮᠦᠵᠢᠯ ᠬᠦᠷᠳᠡᠬᠦ ᠬᠠᠤᠯᠢ ᠶᠤᠰᠤᠨ ᠤ ᠡᠷᠭᠡ ᠠᠰᠢᠭ ᠢ ᠪᠠᠳᠤᠯᠠᠨ ᠠᠯᠪᠡᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠵᠡᠮᠳᠡᠭ ᠬᠡᠤᠬᠡᠳ᠂ ᠪᠠᠭᠠᠴᠤᠳ ᠤᠨ ᠰᠤᠷᠭᠠᠭᠤᠯᠢ ᠳᠤ ᠤᠷᠤᠬᠤ ᠨᠤᠷᠮ᠎ᠠ ᠶᠢ 95% ᠠᠴᠠ ᠳᠡᠭᠡᠭᠰᠢ ᠳᠤ ᠬᠦᠷᠦᠬᠦᠯᠦᠨ᠎ᠡ᠃ ︵ᠳᠠᠪᠤ︶ ᠦᠨᠳᠦᠰᠦᠳᠡᠨ ᠤ ᠰᠤᠷᠭᠠᠨ ᠬᠦᠮᠦᠵᠢᠯ        ᠦᠨᠳᠦᠰᠦᠳᠡᠨ ᠤ ᠰᠤᠷᠭᠠᠨ ᠬᠦᠮᠦᠵᠢᠯ ᠤᠨ ︽ᠭᠤᠷᠪᠠ ᠶᠢ ᠤᠷᠢᠳ ᠢᠶᠠᠷ ᠬᠢᠬᠦ︾ ᠶᠢ ᠪᠡᠶᠡᠯᠡᠬᠦᠯᠦᠨ᠎ᠡ᠃ ᠦᠨᠳᠦᠰᠦᠳᠡᠨ ᠤ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠪᠠᠷᠢᠮᠵᠢᠶᠡᠵᠢᠭᠤᠯᠬᠤ ᠶᠠᠪᠤᠳᠡᠯ ᠢ ᠤᠷᠢᠳ ᠢᠶᠠᠷ ᠪᠡᠶᠡᠯᠡᠬᠦᠯᠵᠦ᠂ ᠴᠦᠭᠡᠨ ᠳᠤᠭᠠᠳᠤ ᠦᠨᠳᠦᠰᠦᠳᠡᠨ ᠤ ᠨᠢᠯᠬ᠎ᠠ ᠬᠡᠤᠬᠡᠳ ᠤᠨ ᠰᠤᠶᠢᠳᠭᠡᠯ ᠬᠤᠷᠢᠶᠠᠬᠤ ᠦᠭᠡᠢ ᠪᠠᠷ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠬᠦᠷᠳᠡᠬᠦ ᠶᠢ ᠤᠷᠢᠳ ᠢᠶᠠᠷ ᠪᠡᠶᠡᠯᠡᠬᠦᠯᠵᠦ᠂ ᠴᠦᠭᠡᠨ ᠳᠤᠭᠠᠳᠤ ᠦᠨᠳᠦᠰᠦᠳᠡᠨ ᠤ ᠭᠡᠷ ᠪᠦᠯᠢ ᠶᠢᠨ ᠶᠠᠳᠠᠭᠤ ᠬᠦᠴᠢᠷᠳᠡᠯᠳᠡᠢ ᠰᠤᠷᠤᠭᠴᠢᠳ ᠢ ᠳᠡᠳᠬᠦᠨ ᠳᠤᠰᠠᠯᠠᠬᠤ ᠳᠦᠷᠦ ᠶᠢᠨ ᠪᠤᠳᠤᠯᠭ᠎ᠠ ᠶᠢ ᠨᠡᠶᠢᠳᠡᠮ ᠬᠡᠷᠡᠭᠵᠢᠬᠦᠯᠬᠦ ᠶᠢ ᠤᠷᠢᠳ ᠢᠶᠠᠷ ᠪᠡᠶᠡᠯᠡᠬᠦᠯᠦᠨ᠎ᠡ᠃ ︵ᠵᠢᠷᠭᠤᠭ᠎ᠠ︶ ᠪᠠᠭᠰᠢ ᠶᠢᠨ ᠪᠤᠯᠪᠠᠰᠤᠷᠠᠭᠤᠯᠤᠯ        2020 ᠤᠨ ᠪᠤᠯᠬᠤ ᠳᠤ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠦᠭ᠌ᠴᠢ ᠪᠤᠶᠤ ᠵᠢᠭᠠᠨ ᠰᠤᠷᠭᠠᠯᠳᠠ ᠶᠢᠨ ᠴᠢᠳᠠᠪᠤᠷᠢᠳᠡᠨ ᠤᠷᠤᠨ ᠳᠡᠰ ᠤᠨ 10 - 15 ᠬᠦᠮᠦᠨ ᠳᠤ ᠬᠦᠷᠴᠦ᠂ ᠬᠤᠳᠠ ᠶᠢᠨ ᠳᠡᠰ ᠤᠨ 4 - 5 ᠬᠦᠮᠦᠨ ᠳᠤ ᠬᠦᠷᠦᠬᠦᠯᠦᠨ᠎ᠡ᠃ ᠪᠤᠭᠤᠳᠤ ᠬᠤᠳᠠ ᠶᠢᠨ ᠭᠠᠷᠮᠠᠭᠠᠢ ᠪᠠᠭᠰᠢ 3 - 5 ᠬᠦᠮᠦᠨ᠂ ᠠᠶᠠᠯᠠᠯ ᠵᠠᠮᠴᠢᠯᠠᠬᠤ ᠵᠠᠬᠢᠷᠤᠯ 1 - 2 ᠬᠦᠮᠦᠨ ᠢ ᠬᠦᠮᠦᠵᠢᠬᠦᠯᠦᠨ᠎ᠡ᠃ᠭᠤᠷᠪᠠ᠂ ᠠᠵᠢᠯ ᠤᠨ ᠠᠷᠭ᠎ᠠ ᠬᠡᠮᠵᠢᠶ᠎ᠡ ︵ᠨᠢᠭᠡ︶ ᠳᠦᠰᠦᠯ ᠢᠶᠠᠨ ᠳᠠᠶᠢᠴᠢᠯᠠᠵᠦ ᠰᠤᠷᠭᠠᠨ ᠬᠦᠮᠦᠵᠢᠯ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ        1᠂ 5500 ᠳᠦᠮᠡᠨ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠪᠠᠷᠢᠯᠭ᠎ᠠ ᠶᠢᠨ ᠳᠠᠯᠠᠪᠠᠢ ᠨᠢ 16800 ᠺᠦᠸᠠᠳ᠋ ᠮᠧᠲᠷ ᠤᠨ ᠰᠢᠭᠤᠶᠢᠳᠤ ᠰᠢᠨ᠎ᠡ ᠳᠤᠭᠤᠷᠢᠭ ᠤᠨ ᠪᠠᠭ᠎ᠠ ᠰᠤᠷᠭᠠᠭᠤᠯᠢ ᠶᠢᠨ ᠳᠦᠰᠦᠯ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠪᠡ᠃        2᠂ 1700 ᠳᠦᠮᠡᠨ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠪᠠᠷᠢᠯᠭ᠎ᠠ ᠶᠢᠨ ᠳᠠᠯᠠᠪᠠᠢ ᠨᠢ 5000 ᠺᠦᠸᠠᠳ᠋ ᠮᠧᠲᠷ ᠤᠨ ᠰᠢᠭᠤᠶᠢᠳᠤ ᠰᠢᠨ᠎ᠡ ᠳᠤᠭᠤᠷᠢᠭ ᠤᠨ ᠷᠦᠢ ᠳ᠋ᠧ ᠬᠡᠤᠬᠡᠳ ᠤᠨ ᠴᠡᠴᠡᠷᠯᠢᠭ ᠤᠨ ᠳᠦᠰᠦᠯ ᠤᠨ ᠪᠦᠳᠦᠭᠡᠨ ᠪᠠᠶᠢᠭᠤᠯᠤᠯᠳᠠ ᠶᠢ ᠪᠠᠶᠠᠯᠠᠬᠦᠯᠪᠡ᠃        3᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠳᠤᠨᠤᠭ ᠳᠦᠬᠦᠭᠡᠷᠦᠮᠵᠢ ᠶᠢ ᠳᠡᠬᠦᠯᠳᠡᠷᠵᠢᠬᠦᠯᠦᠨ᠎ᠡ ᠃ ︽ᠭᠤᠷᠪᠠ ᠶᠢ ᠨᠡᠪᠳᠡᠷᠡᠬᠦᠯᠬᠦ ᠬᠤᠶᠠᠷ ᠳᠡᠪᠴᠡᠩ︾ ᠤᠨ ᠠᠵᠢᠯ ᠢ ᠠᠬᠢᠭᠤᠯᠵᠦ᠂ ᠳᠤᠭᠤᠷᠢᠭ ᠤᠨ ᠰᠤᠷᠭᠠᠨ ᠬᠦᠮᠦᠵᠢᠯ ᠤᠨ ᠮᠡᠳᠡᠭᠡ ᠵᠠᠩᠭᠢᠵᠢᠯᠳᠠ ᠶᠢᠨ ᠬᠢᠷᠢ ᠬᠡᠮᠵᠢᠶ᠎ᠡ ᠶᠢ ᠪᠦᠬᠦ ᠳᠠᠯ᠎ᠠ ᠪᠠᠷ ᠳᠡᠭᠡᠭᠰᠢᠯᠡᠬᠦᠯᠵᠦ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠬᠦᠨᠵᠡᠭᠡᠢ ᠠᠭᠤᠰᠤᠯᠴᠠᠯ ᠢ ᠠᠬᠢᠭᠤᠯᠤᠨ᠎ᠠ᠃ ︵ᠬᠤᠶᠠᠷ︶ ᠠᠭᠤᠯᠤᠭᠳᠠᠬᠤᠨ ᠤ ᠬᠦᠭᠵᠢᠯᠳᠡ ᠰᠢᠯᠢᠳᠡᠭ ᠪᠠᠭᠰᠢ ᠶᠢᠨ ᠪᠦᠯᠬᠦᠮ ᠢ ᠪᠠᠶᠢᠭᠤᠯᠪᠠ        1᠂ ᠰᠤᠷᠭᠠᠭᠤᠯᠢ ᠶᠢᠨ ᠵᠠᠬᠢᠷᠦᠯ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠨᠡᠷᠡᠳᠤ ᠰᠤᠷᠭᠠᠭᠤᠯᠢ ᠶᠢᠨ ᠵᠠᠬᠢᠷᠤᠯ ᠤᠨ ᠪᠠᠶᠢᠭᠤᠯᠤᠯᠳᠠ ᠪᠠ ᠬᠦᠮᠦᠵᠢᠬᠦᠯᠦᠯᠳᠡ ᠶᠢ ᠳᠦᠯᠬᠢᠨ ᠠᠬᠢᠭᠤᠯᠵᠦ ︽ᠬᠢᠷᠢ ᠳᠡᠩᠴᠡᠭᠰᠡᠨ ᠰᠤᠷᠭᠠᠭᠤᠯᠢ ᠶᠢᠨ ᠵᠠᠬᠢᠷᠤᠯ - ᠭᠤᠤᠯᠯᠠᠭᠴᠢ ᠰᠤᠷᠭᠠᠭᠤᠯᠢ ᠶᠢᠨ ᠵᠠᠬᠢᠷᠤᠯ - ᠨᠡᠷᠡᠳᠤ ᠰᠤᠷᠭᠠᠭᠤᠯᠢ ᠶᠢᠨ ᠵᠠᠬᠢᠷᠤᠯ - ᠠᠶᠠᠯᠠᠯ ᠵᠠᠮᠴᠢᠯᠠᠬᠤ ᠰᠤᠷᠭᠠᠭᠤᠯᠢ ᠶᠢᠨ ᠵᠠᠬᠢᠷᠤᠯ︾ ᠤᠨ ᠳᠤᠰᠬᠠᠶᠢᠵᠢᠭᠰᠠᠨ ᠪᠤᠶᠢᠵᠢᠯᠳᠠ ᠶᠢᠨ ᠱᠠᠳᠤ ᠶᠢ ᠪᠠᠶᠢᠭᠤᠯᠵᠦ᠂ ᠰᠤᠷᠭᠠᠭᠤᠯᠢ ᠶᠢᠨ ᠵᠠᠬᠢᠷᠤᠯ ᠤᠨ ᠤᠷᠤᠨ ᠪᠦᠰᠠ ᠠᠯᠤᠰᠯᠠᠨ ᠰᠤᠯᠢᠯᠴᠠᠬᠤ᠂ ᠵᠢᠯᠤᠭᠤᠳᠤᠭᠴᠢ ᠪᠠᠭᠰᠢ ᠬᠦᠳᠦᠯᠦᠨ ᠳᠠᠭᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠤᠷᠭᠠᠭᠤᠯᠢ ᠶᠢᠨ ᠵᠠᠬᠢᠷᠤᠯ ᠤᠨ ᠬᠠᠷᠠᠭ᠎ᠠ ᠪᠠᠨ ᠦᠷᠭᠡᠳᠭᠡᠵᠦ ᠳᠡᠬᠦᠨ ᠢ ᠳᠤᠭᠤᠷᠢᠭ ᠤᠨ ᠪᠠᠭᠰᠢ ᠶᠢᠨ ᠡᠩᠨᠡᠭᠡᠨ ᠤ ᠦᠰᠦᠨ ᠪᠤᠶᠢᠵᠢᠯᠳᠡ ᠶᠢ ᠳᠠᠶᠢᠴᠢᠯᠡᠨ ᠳᠠᠭᠠᠭᠤᠯᠬᠤ ᠬᠤᠰᠢᠭᠤᠴᠢ ᠪᠤᠯᠭᠠᠬᠤ ᠬᠡᠷᠡᠭᠳᠡᠢ᠃        2᠂ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠨᠦᠬᠦᠪᠦᠷᠢᠯᠡᠬᠦ ᠳᠤᠭᠳᠠᠴᠠ ᠶᠢ ᠳᠡᠬᠦᠯᠳᠡᠷᠵᠢᠬᠦᠯᠵᠦ᠂ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠳᠡᠭᠡᠳᠤ ᠰᠤᠷᠭᠠᠭᠤᠯᠢ ︽985︾ ︽211︾ ᠳᠡᠭᠡᠳᠤ ᠰᠤᠷᠭᠠᠭᠤᠯᠢ ᠳᠡᠬᠦᠰᠦᠭᠰᠡᠳ ᠢ ᠤᠷᠤᠭᠤᠯᠤᠨ ᠠᠪᠴᠢᠷᠠᠵᠦ ᠨᠦᠬᠦᠪᠦᠷᠢᠯᠡᠬᠦ ᠳᠤᠭᠳᠠᠴᠠ ᠶᠢ ᠪᠠᠶᠢᠭᠤᠯᠵᠦ ᠰᠠᠭᠠᠳ ᠦᠭᠡᠢ ᠨᠡᠪᠳᠡᠷᠡᠬᠦ ᠵᠠᠮ ᠢ ᠨᠡᠭᠡᠭᠡᠨ᠎ᠡ ᠃ ᠪᠠᠭᠰᠢ ᠶᠢ ᠬᠦᠮᠦᠵᠢᠬᠦᠯᠦᠨ ᠪᠤᠯᠪᠠᠰᠤᠷᠠᠭᠤᠯᠬᠤ ᠠᠷᠭ᠎ᠠ ᠮᠠᠶ᠋ᠢᠭ ᠤᠨ ᠳᠠᠯ᠎ᠠ ᠪᠠᠷ ᠰᠢᠨ᠎ᠡ ᠶᠢ ᠡᠬᠦᠳᠬᠦ ︽ᠪᠦᠬᠦ ᠠᠵᠢᠯᠳᠠᠡ ᠶᠢ ᠠᠳᠬᠤᠬᠤ᠂ ᠭᠤᠤᠯᠯᠠᠭᠴᠢ ᠬᠦᠴᠦᠨ ᠢ ᠠᠳᠬᠤᠬᠤ᠂ ᠨᠡᠷᠡᠳᠤ ᠰᠢᠯᠢᠳᠡᠭ ᠢ ᠠᠳᠬᠤᠬᠤ︾ ᠪᠠᠭᠰᠢ ᠶᠢᠨ ᠪᠤᠯᠪᠠᠰᠤᠷᠠᠭᠤᠯᠤᠯ ᠢ ᠴᠢᠩᠭᠠᠳᠬᠠᠵᠦ ︽ᠢᠵᠢ ᠤᠶᠢᠯᠡᠴᠢᠯᠡᠭᠡ ᠶᠢᠨ ᠮᠠᠶ᠋ᠢᠭ︾ ᠤᠨ ᠨᠠᠷᠢᠯᠢᠭᠵᠢᠭᠤᠯᠤᠭᠰᠠᠨ ᠪᠤᠯᠪᠠᠰᠤᠷᠠᠭᠤᠯᠤᠯ ᠢ ᠳᠦᠷᠦᠯ ᠬᠤᠪᠢᠶᠠᠨ ᠬᠠᠩᠭᠠᠵᠦ᠂ ᠪᠠᠭᠰᠢ ᠶᠢᠨ ᠬᠡᠪ ᠴᠢᠨᠠᠷ ᠢ ᠪᠦᠳᠦᠮᠵᠢᠳᠡᠢ ᠳᠡᠭᠡᠭᠰᠢᠯᠡᠬᠦᠯᠦᠨ᠎ᠡ᠃ ︽ᠨᠡᠷᠡᠳᠤ ᠪᠠᠭᠰᠢ ᠶᠢᠨ ᠠᠵᠢᠯᠯᠠᠬᠤ ᠳᠠᠰᠤᠭ︾ ︽ᠠᠩᠭᠢ ᠶᠢᠨ ᠡᠷᠬᠢᠯᠡᠭᠴᠢ ᠶᠢᠨ ᠠᠵᠢᠯᠯᠠᠬᠤ ᠳᠠᠰᠤᠭ︾ ᠲᠤ ᠳᠦᠰᠢᠭᠯᠡᠨ ᠪᠠᠭᠰᠢ ᠶᠢᠨ ᠡᠷᠳᠡᠮ ᠰᠢᠨᠵᠢᠯᠡᠭᠡᠨ ᠤ ᠤᠷᠤᠯᠳᠤᠭᠠᠨ ᠪᠠ ᠵᠢᠭᠠᠨ ᠰᠤᠷᠭᠠᠯᠳᠠ ᠶᠢᠨ ᠮᠤᠷᠤᠶᠢᠴᠡᠭᠡᠨ ᠦᠷᠨᠢᠬᠦᠯᠬᠦ ᠬᠡᠷᠡᠭᠳᠡᠢ᠃          3᠂ ᠨᠠᠮ ᠤᠨ ᠭᠡᠰᠢᠬᠦᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠨᠠᠮ ᠤᠨ ᠬᠡᠰᠢᠬᠦᠨ ᠪᠠᠭᠰᠢ ᠶᠢᠨ ᠬᠤᠰᠢᠭᠤᠴᠢ ᠵᠢᠱᠢᠶᠡᠴᠢ ᠤᠶᠢᠯᠡᠳᠤᠯ ᠢ ᠪᠠᠳᠠᠷᠠᠭᠤᠯᠵᠦ᠂ ᠰᠤᠷᠭᠠᠭᠤᠯᠢ ᠶᠢᠨ ᠬᠦᠭᠵᠢᠯᠳᠡ᠂ ᠰᠤᠷᠭᠠᠨ ᠬᠦᠮᠦᠵᠢᠯ ᠤᠨ ᠬᠦᠭᠵᠢᠯᠳᠡ ᠶᠢ ᠠᠬᠢᠭᠤᠯᠤᠨ᠎ᠠ᠃ ᠨᠠᠮ ᠤᠨ ᠪᠠᠶᠢᠭᠤᠯᠤᠯᠳᠠ ᠶᠢᠨ ᠭᠤᠤᠯ ᠰᠡᠳᠤᠪᠳᠤ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠳᠤ ᠳᠦᠰᠢᠭᠯᠡᠵᠦ᠂ ᠬᠢᠷᠢ ᠳᠡᠩᠴᠡᠭᠰᠡᠨ ᠨᠠᠮ ᠤᠨ ᠬᠡᠰᠢᠬᠦᠨ ᠪᠤᠯᠵᠦ ᠦᠯᠢᠭᠡᠷ ᠳᠠᠭᠤᠷᠢᠶᠠᠯ  ᠦᠵᠡᠬᠦᠯᠦᠨ ᠳᠠᠭᠠᠭᠤᠯᠬᠤ ᠤᠶᠢᠯᠡᠳᠤᠯ ᠢᠶᠠᠨ ᠰᠠᠶᠢᠳᠤᠷ ᠪᠠᠳᠠᠷᠠᠭᠤᠯᠬᠤ ᠬᠡᠷᠡᠭᠳᠡᠢ᠃        4᠂ ᠪᠠᠭᠰᠢ ᠶᠢᠨ ᠶᠤᠰᠦ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠪᠠᠭᠰᠢ ᠶᠢᠨ ᠶᠤᠰᠤ ᠮᠤᠷᠠᠯ ᠤᠨ ᠬᠦᠮᠦᠵᠢᠯ ᠢ ᠦᠷᠨᠢᠬᠦᠯᠵᠦ᠂ ᠪᠠᠭᠰᠢ ᠶᠢᠨ ᠠᠵᠢᠯ ᠮᠡᠷᠭᠡᠵᠢᠯ ᠤᠨ ᠶᠤᠰᠤ ᠮᠤᠷᠠᠯ᠂ ᠬᠠᠤᠯᠢᠵᠢᠯ ᠤᠨ ᠬᠦᠮᠦᠵᠢᠯ᠂ ᠰᠡᠳᠬᠢᠴᠡ ᠶᠢᠨ ᠡᠷᠡᠬᠦᠯ ᠬᠦᠮᠦᠵᠢᠯ ᠵᠡᠷᠭᠡ ᠡᠯ᠎ᠡ ᠳᠦᠷᠦᠯ ᠤᠨ ᠪᠤᠯᠪᠠᠰᠤᠷᠠᠯ ᠪᠠ ᠬᠠᠮᠢᠶᠠᠷᠤᠯᠳᠠ ᠶᠢᠨ ᠪᠦᠬᠦ ᠶᠠᠪᠤᠴᠠ ᠳᠤ ᠠᠭᠤᠰᠤᠯᠴᠠᠭᠤᠯᠬᠤ ᠬᠡᠷᠡᠭᠳᠡᠢ᠃ ︵ᠭᠤᠷᠪᠠ︶ ᠨᠢᠭᠡᠳᠤᠯᠳᠠᠢ ᠳᠤ ᠳᠦᠯᠦᠪᠯᠡᠨ ᠨᠠᠶᠢᠳᠠ ᠳᠤ ᠨᠢ ᠬᠠᠷᠠᠭᠠᠯᠵᠠᠵᠦ ᠡᠯ᠎ᠡ ᠳᠦᠷᠦᠯ ᠤᠨ ᠰᠤᠷᠭᠠᠨ ᠬᠦᠮᠦᠵᠢᠯ ᠤᠨ ᠬᠦᠭᠵᠢᠯᠳᠡ ᠶᠢ ᠳᠤᠭᠳᠠᠭᠤᠨ ᠳᠤᠮᠳᠠ ᠵᠡᠷᠭᠡ ᠪᠠᠷ ᠳᠦᠯᠬᠢᠨ ᠠᠬᠢᠭᠤᠯᠤᠨ᠎ᠠ         1᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠯᠠᠪᠳᠠᠭᠤᠨ ᠢᠶᠠᠷ ᠬᠦᠭᠵᠢᠬᠦ ᠶᠢ ᠠᠬᠢᠭᠤᠯᠤᠨ᠎ᠠ᠃ ᠬᠡᠤᠬᠡᠳ ᠤᠨ ᠴᠡᠴᠡᠷᠯᠢᠭ ᠤᠨ ᠤᠨᠴᠠᠯᠢᠭᠳᠤ ᠬᠦᠭᠵᠢᠯᠳᠡ᠂ ᠨᠡᠷᠡᠳᠤ ᠳᠦᠷᠦᠯ ᠳᠡᠮᠳᠡᠭᠳᠤ ᠶᠢᠨ ᠬᠦᠭᠵᠢᠯᠳᠡ ᠶᠢ ᠢᠳᠡᠪᠬᠢᠳᠡᠢ ᠠᠬᠢᠭᠤᠯᠵᠦ ᠬᠡᠤᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠤᠨ ᠶᠠᠰᠤ ᠴᠢᠨᠠᠷ ᠤᠨ ᠬᠦᠭᠵᠢᠯᠳᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ 2020 ᠤᠨ ᠪᠤᠯᠬᠤ ᠳᠤ ᠬᠡᠤᠬᠡᠳ ᠤᠨ ᠴᠡᠴᠡᠷᠯᠢᠭ ᠤᠨ ᠪᠠᠭᠰᠢ ᠶᠢᠨ ᠪᠦᠬᠦ ᠠᠵᠢᠯᠳᠡᠨ ᠤ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠶᠢ ᠪᠦᠬᠦ ᠳᠠᠯ᠎ᠠ ᠪᠠᠷ ᠪᠡᠶᠡᠯᠡᠬᠦᠯᠦᠨ᠎ᠡ᠃        2᠂ ᠠᠯᠪᠡᠨ ᠵᠢᠷᠦᠮ ᠤᠨ ᠰᠤᠷᠭᠠᠨ ᠬᠦᠮᠦᠵᠢᠯ ᠢ ᠴᠢᠨᠠᠷ ᠰᠠᠶᠢᠳᠠᠢ ᠪᠦᠭᠡᠳ ᠳᠡᠩᠴᠡᠬᠦᠷᠢᠳᠡᠢ ᠬᠦᠭᠵᠢᠬᠦᠯᠦᠨ᠎ᠡ᠃ ᠠᠷᠠᠳ ᠤᠨ ᠭᠡᠷ ᠤᠨ ᠡᠬᠦᠳᠡᠨ ᠳᠠᠬᠢ ᠰᠤᠷᠭᠠᠭᠤᠯᠢ ᠪᠦᠷᠢ ᠶᠢ ᠰᠠᠶᠢᠳᠤᠷ ᠡᠷᠬᠢᠯᠡᠬᠦ ᠪᠠᠷ ᠭᠤᠤᠯ ᠰᠢᠪᠳᠤᠯᠤᠯᠳᠠ ᠶᠢᠨ ᠴᠢᠭᠯᠡᠯ ᠪᠤᠯᠭᠠᠵᠦ ᠰᠤᠷᠭᠠᠭᠤᠯᠢ ᠶᠢᠨ ᠳᠤᠨᠤᠭ ᠳᠦᠬᠦᠭᠡᠷᠦᠮᠵᠢ᠂ ᠪᠠᠭᠰᠢ ᠶᠢᠨ ᠡᠩᠨᠡᠭᠡ᠂ ᠰᠤᠷᠭᠠᠭᠤᠯᠢ ᠶᠢᠨ ᠬᠠᠮᠢᠶᠠᠷᠤᠯᠳᠠ᠂ ᠵᠢᠭᠠᠨ ᠰᠤᠷᠭᠠᠯᠳᠠ ᠶᠢᠨ ᠶᠠᠰᠦ ᠴᠢᠨᠠᠷ ᠵᠡᠷᠭᠡ ᠳᠠᠯ᠎ᠠ ᠶᠢᠨ ᠠᠵᠢᠯ ᠢ ᠦᠷᠬᠦᠯᠵᠢᠯᠡᠨ ᠴᠢᠩᠭᠠᠳᠬᠠᠵᠦ ᠵᠦᠭᠡᠯᠡᠨ ᠳᠤᠨᠤᠭ ᠤᠨ ᠪᠤᠳᠠᠳᠤ ᠬᠦᠴᠦᠨ ᠢ ᠳᠡᠭᠡᠭᠰᠢᠯᠡᠬᠦᠯᠦᠨ᠎ᠡ᠃        3᠂ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠭᠤᠯᠤᠭᠳᠠᠬᠤᠨ ᠤ ᠬᠦᠭᠵᠢᠯᠳᠡ ᠶᠢ ᠠᠬᠢᠭᠤᠯᠤᠨ᠎ᠠ᠃ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠳᠤᠷᠰᠢᠯᠳᠠ ᠶᠢ ᠦᠷᠨᠢᠬᠦᠯᠵᠦ ᠱᠠᠳᠤ ᠬᠤᠪᠢᠶᠠᠵᠦ ᠬᠢᠴᠢᠶᠡᠯ ᠰᠤᠩᠭᠤᠬᠤ ᠠᠩᠭᠢ ᠰᠤᠯᠢᠬᠤ ᠳᠦᠷᠢᠮᠳᠤ ᠵᠢᠭᠠᠨ ᠰᠤᠷᠭᠠᠬᠤ ᠦᠭᠡᠷᠡᠴᠢᠯᠡᠯᠳᠡ ᠶᠢ ᠬᠡᠷᠡᠭᠵᠢᠬᠦᠯᠵᠦ᠂ ᠵᠦᠷᠢᠶᠡᠳᠤ ᠬᠦᠮᠦᠵᠢᠬᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠵᠢᠩᠭᠢᠨᠢ ᠠᠩᠭᠢ ᠶᠢᠨ ᠰᠦᠯᠵᠢᠶᠡᠨ ᠳᠡᠭᠡᠷ᠎ᠡ ᠭᠠᠷᠬᠤ ᠨᠤᠷᠮ᠎ᠠ ᠪᠠ ᠨᠡᠷᠡᠳᠤ ᠰᠤᠷᠭᠠᠭᠤᠯᠢ ᠳᠤ ᠤᠷᠤᠬᠤ ᠳᠤ ᠰᠢᠨ᠎ᠡ ᠰᠢᠪᠳᠤᠯᠤᠯᠳᠠ ᠲᠠᠢ ᠪᠤᠯᠬᠤ ᠪᠠᠷ ᠴᠢᠷᠮᠠᠶᠢᠨ᠎ᠠ᠃ ᠰᠤᠷᠤᠭᠴᠢ ᠨᠠᠷ ᠬᠦᠭᠵᠢᠯᠳᠡ ᠶᠢᠨ ᠵᠢᠯᠤᠭᠤᠳᠬᠤ ᠳᠦᠷᠢᠮ ᠢ ᠪᠠᠶᠢᠭᠤᠯᠵᠦ᠂ ᠪᠦᠬᠦ ᠳᠠᠯ᠎ᠠ ᠶᠢᠨ ᠬᠦᠭᠵᠢᠯᠳᠡ ᠶᠢ ᠬᠦᠳᠦᠯᠦᠨ ᠵᠢᠯᠤᠭᠤᠳᠴᠦ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠬᠦᠭᠵᠢᠯᠳᠡ ᠶᠢᠨ ᠠᠷᠭ᠎ᠠ ᠵᠠᠮ ᠢ ᠦᠷᠭᠡᠳᠭᠡᠨ᠎ᠡ᠃        4᠂ ᠦᠨᠳᠦᠰᠦᠳᠡᠨ ᠤ ᠰᠤᠷᠭᠠᠨ ᠬᠦᠮᠦᠵᠢᠯ ᠤᠨ ᠤᠨᠴᠠᠯᠢᠭᠳᠤ ᠬᠦᠭᠵᠢᠯᠳᠡ ᠶᠢ ᠴᠢᠬᠤᠯᠠᠴᠢᠯᠠᠨ᠎ᠠ᠃        5᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠡᠷᠡᠬᠦᠯ ᠢᠶᠠᠷ ᠬᠦᠭᠵᠢᠪᠡ᠃        6᠂ ᠪᠤᠰᠤᠳ ᠰᠤᠷᠭᠠᠨ ᠬᠦᠮᠦᠵᠢᠯ ᠢ ᠳᠡᠮᠵᠢᠨ ᠬᠦᠭᠵᠢᠬᠦᠯᠦᠨ᠎ᠡ᠃ᠳᠦᠷᠪᠡ᠂ ᠪᠠᠳᠤᠯᠠᠭ᠎ᠠ ᠶᠢᠨ ᠳᠤᠭᠳᠠᠴᠠ ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ        1᠂ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠤᠨ ᠦᠵᠡᠯ ᠰᠠᠨᠠᠭ᠎ᠠ ᠪᠠᠷ ᠶᠡᠷᠦᠩᠭᠡᠶᠢᠯᠡᠨ ᠵᠢᠯᠤᠭᠤᠳᠴᠦ᠂ ᠰᠤᠷᠭᠠᠨ ᠬᠦᠮᠦᠵᠢᠯ ᠤᠨ ᠰᠢᠰᠲ᠋ᠧᠮ ᠤᠨ ᠦᠨᠳᠤᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠵᠦ ᠨᠠᠮ ᠤᠨ ᠪᠠᠶᠢᠭᠤᠯᠤᠯᠳᠠ ᠶᠢᠨ ᠳᠦᠷᠦᠯ ᠳᠡᠮᠳᠡᠭ ᠢ ᠪᠤᠢ ᠪᠤᠯᠭᠠᠬᠤ ᠶᠢ ᠳᠤᠪᠤᠶᠢᠯᠭᠠᠪᠠ᠃        2᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠩᠭᠠᠳᠬᠠᠨ᠎ᠠ᠃ ᠰᠢᠭᠤᠶᠢᠳᠤ ᠳᠤᠭᠤᠷᠢᠭ ᠤᠨ ᠰᠤᠷᠭᠠᠨ ᠬᠦᠮᠦᠵᠢᠯ ᠢ ᠳᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠦ᠂ ᠡᠯ᠎ᠡ ᠵᠤᠶᠢᠯ ᠤᠨ ᠡᠬᠦᠷᠭᠡ ᠶᠢ ᠡᠮᠬᠢ ᠵᠢᠷᠦᠮ ᠲᠠᠢ ᠠᠬᠢᠭᠤᠯᠬᠤ ᠶᠢ ᠨᠢᠭᠡᠳᠤᠯᠳᠠᠢ ᠳᠦᠯᠦᠪᠯᠡᠨ ᠵᠤᠬᠢᠴᠠᠭᠤᠯᠵᠦ᠂ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ ᠰᠤᠷᠭᠠᠨ ᠬᠦᠮᠦᠵᠢᠯ ᠤᠨ ᠠᠵᠢᠯ ᠤᠨ ᠳᠤᠮᠳᠠ ᠤᠷᠤᠰᠢᠵᠦ ᠪᠠᠶᠢᠭ᠎ᠠ ᠳᠤᠪᠤᠶᠢᠮ᠎ᠠ ᠠᠰᠠᠭᠤᠳᠠᠯ ᠪᠠ ᠤᠯᠠᠨ ᠳᠦᠮᠡᠨ ᠤ ᠠᠩᠬᠠᠷᠴᠦ ᠪᠠᠶᠢᠭ᠎ᠠ ᠬᠠᠯᠠᠭᠤᠷᠠᠯ ᠠᠰᠠᠭᠤᠳᠠᠯ ᠢ ᠴᠠᠭ ᠳᠤᠬᠠᠢ ᠳᠤ ᠨᠢ ᠵᠠᠳᠠᠯᠤᠨ ᠰᠤᠳᠤᠯᠵᠦ ᠰᠢᠢᠳᠪᠤᠷᠢᠯᠡᠨ᠎ᠡ᠃        3᠂ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ ᠰᠤᠶᠤᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ 2020 ᠤᠨ ᠪᠤᠯᠬᠤ ᠳᠤ ᠰᠢᠭᠤᠶᠢᠳᠤ ᠳᠤᠭᠤᠷᠢᠭ ᠤᠨ 80% ᠰᠤᠷᠭᠠᠭᠤᠯᠢ ᠨᠢ ᠪᠦᠬᠦ ᠬᠤᠳᠠ ᠶᠢᠨ ᠪᠤᠯᠪᠠᠰᠤᠨ ᠰᠤᠷᠭᠠᠭᠤᠯᠢ ᠶᠢᠨ ᠬᠦᠷᠢᠶᠡᠨ ᠳᠤ ᠴᠤᠯᠠ ᠬᠦᠷᠳᠡᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠳᠦᠪᠰᠢᠨ ᠤ ᠬᠤᠯᠪᠤᠭᠠᠯᠠᠨ ᠬᠦᠳᠡᠯᠤᠯᠴᠡᠬᠦ ᠳᠤᠭᠳᠠᠴᠠ ᠶᠢ ᠳᠡᠬᠦᠯᠳᠡᠷᠵᠢᠬᠦᠯᠵᠦ᠂ ᠰᠤᠷᠭᠠᠨ ᠬᠦᠮᠦᠵᠢᠯ ᠤᠨ ᠠᠮᠤᠷ ᠳᠦᠪᠰᠢᠨ ᠬᠦᠭᠵᠢᠯᠳᠡ ᠶᠢ ᠦᠨᠡᠨᠬᠦ ᠪᠠᠳᠤᠯᠠᠬᠤ ᠬᠡᠷᠡᠭᠳᠡᠢ᠃︵ᠬᠤᠶᠠᠷ︶ ᠰᠤᠷᠭᠠᠨ ᠬᠦᠮᠦᠵᠢᠯ ᠤᠨ ᠬᠦᠷᠢᠶᠡᠨ ᠤ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ        1᠂ ᠰᠤᠷᠭᠠᠨ ᠬᠦᠮᠦᠵᠢᠯ ᠤᠨ ᠬᠦᠷᠢᠶᠡᠨ ᠤ ᠬᠠᠮᠢᠶᠠᠷᠤᠯᠳᠠ ᠶᠢᠨ ᠪᠠᠶᠢᠭᠤᠯᠤᠯᠳᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠤᠳᠤ ᠦᠶ᠎ᠡ ᠶᠢᠨ ᠰᠤᠷᠭᠠᠭᠤᠯᠢ ᠶᠢᠨ ᠳᠦᠷᠢᠮ ᠤᠨ ᠦᠭᠡᠷᠡᠴᠢᠯᠡᠯᠳᠡ ᠶᠢ ᠰᠤᠷᠤᠯᠴᠠᠬᠤ ᠶᠢᠨ ᠬᠠᠮᠳᠤ ︽ᠬᠠᠮᠢᠶᠠᠷᠬᠤ᠂ ᠰᠢᠢᠳᠪᠤᠷᠢᠯᠡᠬᠦ᠂ ᠦᠨᠡᠯᠡᠬᠦ︾ ᠦᠭᠡᠷᠡᠴᠢᠯᠡᠯᠳᠡ ᠶᠢ ᠳᠦᠯᠬᠢᠨ ᠠᠬᠢᠭᠤᠯᠵᠦ᠂ ᠵᠠᠰᠠᠭ ᠤᠨ ᠤᠷᠳᠤᠨ ᠤᠶᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠦ ᠭᠤᠷᠪᠠᠳᠡᠬᠢ ᠡᠳᠡᠭᠡᠳ ᠤᠨ ᠰᠤᠷᠭᠠᠨ ᠬᠦᠮᠦᠵᠢᠯ ᠢ ᠦᠨᠡᠯᠡᠨ ᠵᠢᠱᠢᠵᠦ ᠬᠢᠨᠠᠨ ᠬᠡᠮᠵᠢᠬᠦ ᠶᠢ ᠦᠷᠨᠢᠬᠦᠯᠵᠦ ᠪᠤᠯᠤᠨ᠎ᠠ᠃        2᠂ ᠰᠤᠷᠭᠠᠭᠤᠯᠢ ᠡᠷᠬᠢᠯᠡᠬᠦ ᠪᠠᠶᠢᠭᠤᠯᠤᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃        3᠂ ᠬᠤᠷᠰᠢᠨ ᠰᠤᠷᠭᠠᠭᠤᠯᠢ ᠡᠷᠬᠢᠯᠡᠬᠦ ᠠᠵᠢᠯ ᠢ ᠬᠦᠨᠵᠡᠭᠡᠢ ᠦᠷᠨᠢᠬᠦᠯᠦᠨ᠎ᠡ᠃ ᠳᠤᠭᠤᠷᠢᠭ ᠤᠨ ᠰᠤᠷᠭᠠᠨ ᠬᠦᠮᠦᠵᠢᠯ ᠢ ᠪᠦᠬᠦ ᠬᠤᠳᠠ ᠶᠢᠨ ᠰᠤᠷᠭᠠᠨ ᠬᠦᠮᠦᠵᠢᠯ ᠤᠨ ᠬᠦᠭᠵᠢᠯᠳᠡ ᠶᠢᠨ ᠶᠡᠭᠡ ᠪᠠᠶᠢᠷᠢᠰᠢᠯ ᠳᠤᠮᠳᠠ ᠳᠠᠯᠪᠢᠨ ᠬᠢᠨᠠᠨ ᠠᠵᠢᠭᠯᠠᠵᠦ ᠰᠤᠷᠭᠠᠨ ᠬᠦᠮᠦᠵᠢᠯ ᠤᠨ ᠳᠡᠷᠢᠬᠦᠨ ᠤ ᠭᠠᠵᠠᠷ ᠤᠷᠤᠨ ᠤ ᠳᠤᠷᠰᠢᠯᠭ᠎ᠠ ᠪᠠᠷ ᠳᠤᠯᠢ ᠪᠤᠯᠭᠠᠵᠦ᠂ ᠨᠡᠭᠡᠭᠡᠯᠳᠡ ᠶᠢ ᠦᠷᠭᠡᠳᠭᠡᠬᠦ ᠳᠤᠮᠳᠠ ᠳᠦᠷᠭᠡᠨ ᠬᠦᠭᠵᠢᠬᠦᠯᠬᠦ ᠬᠡᠷᠡᠭᠳᠡᠢ᠃        4᠂ ᠬᠢᠴᠢᠶᠡᠯ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠳᠦᠯᠬᠢᠨ ᠠᠬᠢᠭᠤᠯᠤᠨ᠎ᠠ᠃ ᠰᠤᠷᠭᠠᠭᠤᠯᠢ ᠶᠢᠨ ᠳᠤᠳᠤᠨ᠎ᠠ ᠭᠠᠳᠠᠨᠠᠬᠢ ᠬᠢᠴᠢᠶᠡᠯ ᠤᠨ ᠡᠬᠢ ᠪᠠᠶᠠᠯᠢᠭ ᠢ ᠬᠦᠢᠴᠡᠳ ᠠᠰᠢᠭᠯᠠᠵᠦ᠂ ᠰᠤᠷᠭᠠᠭᠤᠯᠢ ᠶᠢᠨ ᠡᠬᠡ ᠪᠢᠴᠢᠭ ᠤᠨ ᠬᠢᠴᠢᠶᠡᠯ ᠢ ᠦᠷᠭᠡᠨ ᠢᠶᠠᠷ ᠨᠡᠭᠡᠭᠡᠨ ᠬᠦᠭᠵᠢᠬᠦᠯᠦᠨ᠎ᠡ᠃        5᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠬᠢᠨ᠎ᠡ᠃ ᠠᠩᠭᠢ ᠶᠢᠨ ᠡᠷᠬᠢᠯᠡᠭᠴᠢ ᠶᠢᠨ ᠳᠤᠰᠢᠶᠠᠯ ᠤᠨ ᠳᠦᠷᠢᠮ᠂ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤ ᠬᠤᠪᠢᠶᠠᠨ ᠵᠢᠭᠠᠨ ᠰᠤᠷᠭᠠᠬᠤ᠂ ᠠᠯᠪᠡᠨ ᠵᠢᠷᠦᠮ ᠤᠨ ᠰᠤᠷᠭᠠᠨ ᠬᠦᠮᠦᠵᠢᠯ ᠤᠨ ᠱᠠᠳᠦ ᠦᠶ᠎ᠡ ᠶᠢᠨ ᠬᠢᠴᠢᠶᠡᠯ ᠤᠨ ᠳᠠᠷᠠᠭᠠᠬᠢ ᠤᠶᠢᠯᠡᠴᠢᠯᠡᠭᠡᠨ ᠤ ᠳᠤᠰᠬᠠᠢ ᠦᠭᠡᠷᠡᠴᠢᠯᠡᠯᠳᠡ ᠶᠢ ᠪᠦᠬᠦ ᠳᠠᠯ᠎ᠠ ᠪᠠᠷ ᠳᠦᠯᠬᠢᠨ ᠠᠬᠢᠭᠤᠯᠤᠨ᠎ᠠ᠃        6᠂ ᠵᠢᠭᠠᠨ ᠰᠤᠳᠤᠯᠬᠤ ᠬᠠᠮᠢᠶᠠᠷᠤᠯᠳᠠ ᠶᠢᠨ ᠪᠠᠶᠢᠭᠤᠯᠤᠯ ᠤᠨ ᠦᠭᠡᠷᠡᠴᠢᠯᠡᠯᠳᠠ ᠶᠢ ᠳᠦᠯᠬᠢᠨ ᠠᠬᠢᠭᠤᠯᠤᠨ᠎ᠠ᠃ ᠵᠢᠭᠠᠨ ᠰᠤᠳᠤᠯᠬᠤ ᠡᠩᠨᠡᠭᠡ ᠶᠢᠨ ᠪᠦᠳᠦᠴᠠ ᠶᠢ ᠰᠢᠯᠢᠳᠡᠭᠵᠢᠬᠦᠯᠵᠦ᠂ ᠵᠢᠭᠠᠨ ᠰᠤᠳᠤᠯᠤᠭᠴᠢ ᠶᠢ ᠰᠢᠯᠢᠨ ᠰᠤᠩᠭᠤᠬᠤ ᠶᠢ ᠳᠡᠷᠢᠬᠦᠨ ᠳᠤ ᠳᠠᠯᠪᠢᠬᠤ ᠳᠤᠭᠳᠠᠴᠠ ᠶᠢ ᠪᠠᠶᠢᠭᠤᠯᠵᠦ᠂ ᠵᠢᠭᠠᠨ ᠰᠤᠳᠤᠯᠬᠤ ᠪᠦᠯᠬᠦᠮ ᠢ ᠳᠠᠰᠤᠷᠠᠯᠳᠠ ᠦᠭᠡᠢ ᠪᠤᠢ ᠪᠤᠯᠭᠠᠨ᠎ᠠ᠃ ︵ᠭᠤᠷᠪᠠ︶ ᠵᠠᠷᠤᠳᠠᠯ ᠪᠠᠳᠤᠯᠠᠭ᠎ᠠ ᠶᠢᠨ ᠳᠤᠭᠳᠠᠴᠠ ᠶᠢ ᠳᠡᠬᠦᠯᠳᠡᠷᠵᠢᠬᠦᠯᠬᠦ ᠬᠡᠷᠡᠭᠳᠡᠢ        1᠂ ᠰᠤᠷᠭᠠᠨ ᠬᠦᠮᠦᠵᠢᠯ ᠤᠨ ᠵᠠᠷᠤᠳᠠᠯ ᠤᠨ ᠤᠷᠤᠭᠤᠯᠤᠯᠳᠠ ᠶᠢ ᠪᠠᠳᠤᠯᠠᠨ᠎ᠠ᠃ ᠡᠳ᠋ ᠤᠨ ᠬᠦᠴᠦᠨ ᠤ ᠪᠠᠶᠢᠳᠠᠯ᠂ ᠰᠤᠷᠭᠠᠭᠤᠯᠢ ᠡᠷᠬᠢᠯᠡᠬᠦ ᠬᠡᠷᠡᠭᠴᠡᠭᠡ ᠲᠠᠢ ᠬᠤᠯᠪᠤᠯᠳᠤᠭᠰᠠᠨ ᠰᠤᠷᠭᠠᠨ ᠬᠦᠮᠦᠵᠢᠯ ᠤᠨ ᠤᠷᠤᠭᠤᠯᠤᠯᠳᠠ ᠶᠢᠨ ᠳᠤᠭᠳᠠᠭᠤᠨ ᠢᠶᠠᠷ ᠨᠡᠮᠡᠭᠳᠡᠬᠦᠯᠬᠦ ᠳᠤᠭᠳᠠᠴᠠ ᠶᠢ ᠪᠠᠶᠢᠭᠤᠯᠵᠦ ︽ᠭᠤᠷᠪᠠᠨ ᠨᠡᠮᠡᠭᠳᠡᠯ︾ ᠢ ᠪᠠᠳᠤᠯᠠᠵᠦ᠂ ᠰᠤᠷᠭᠠᠨ ᠬᠦᠮᠦᠵᠢᠯ ᠤᠨ ᠵᠠᠷᠤᠳᠠᠯ ᠢ ᠰᠤᠷᠭᠠᠨ ᠬᠦᠮᠦᠵᠢᠯ ᠤᠨ ᠤᠶᠢᠯᠡᠰ ᠲᠤ ᠬᠦᠢᠴᠡᠳ ᠬᠡᠷᠡᠭᠯᠡᠬᠦ ᠶᠢ ᠪᠠᠳᠤᠯᠠᠨ᠎ᠠ᠃        2᠂ ᠰᠤᠷᠭᠠᠨ ᠬᠦᠮᠦᠵᠢᠯ ᠤᠨ ᠵᠠᠷᠤᠳᠠᠯ ᠤᠨ ᠤᠷᠤᠭᠤᠯᠤᠯᠳᠠ ᠶᠢᠨ ᠳᠤᠭᠳᠠᠴᠠ ᠶᠢ ᠳᠡᠬᠦᠯᠳᠡᠷᠵᠢᠬᠦᠯᠦᠨ᠎ᠡ᠃ ᠡᠳ᠋ ᠤᠨ ᠵᠠᠰᠠᠭ ᠤᠨ ᠤᠷᠤᠭᠤᠯᠤᠯᠳᠠ ᠪᠠᠷ ᠭᠤᠤᠯ ᠪᠤᠯᠭᠠᠵᠦ᠂ ᠪᠤᠰᠤᠳ ᠠᠷᠭ᠎ᠠ ᠵᠠᠮ ᠢᠶᠠᠷ ᠵᠠᠷᠤᠳᠠᠯ ᠴᠤᠭᠯᠠᠭᠤᠯᠬᠤ ᠪᠠᠷ ᠬᠠᠪᠰᠤᠷᠤᠮᠵᠢ ᠪᠤᠯᠭᠠᠭᠰᠠᠨ ᠤᠷᠤᠭᠤᠯᠤᠯᠳᠠ ᠶᠢᠨ ᠳᠤᠭᠳᠠᠴᠠ ᠶᠢ ᠨᠠᠶᠢᠳᠠᠪᠤᠷᠢᠵᠢᠭᠤᠯᠵᠦ᠂ ᠠᠯᠪᠡᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠰᠤᠷᠤᠭᠴᠢᠳ ᠲᠤ ᠳᠤᠮᠳᠠᠴᠢ ᠪᠠᠷ ᠵᠤᠭᠤᠰ ᠰᠠᠯᠭᠠᠨ ᠦᠭᠬᠦ ᠪᠠᠷᠢᠮᠵᠢᠶ᠎ᠡ ᠶᠢ ᠬᠡᠷᠡᠭᠵᠢᠬᠦᠯᠦᠨ᠎ᠡ᠃        3᠂ ᠬᠤᠯᠪᠤᠭᠳᠡᠯ ᠪᠦᠬᠦᠢ ᠰᠤᠷᠭᠠᠨ ᠬᠦᠮᠦᠵᠢᠯ ᠤᠨ ᠵᠠᠷᠤᠳᠡᠯ ᠢ ᠨᠢᠭᠡᠳᠤᠯᠳᠡᠢ ᠳᠦᠯᠦᠪᠯᠡᠨ ᠬᠡᠷᠡᠭᠯᠡᠨ᠎ᠡ᠃ ᠤᠯᠤᠰ᠂ ᠦᠪᠡᠷᠳᠡᠭᠡᠨ ᠵᠠᠰᠠᠬᠤ ᠤᠷᠤᠨ ᠪᠠ ᠪᠤᠭᠤᠳᠤ ᠬᠤᠳᠠ ᠶᠢᠨ ᠬᠤᠯᠪᠤᠭᠳᠡᠯ ᠪᠦᠬᠦᠢ ᠳᠦᠷᠦ ᠶᠢᠨ ᠪᠤᠳᠤᠯᠭ᠎ᠠ ᠬᠠᠤᠯᠢ ᠳᠤᠭᠳᠠᠭᠠᠯ ᠶᠤᠰᠤᠭᠠᠷ ᠰᠤᠷᠭᠠᠨ ᠬᠦᠮᠦᠵᠢᠯ ᠤᠨ ᠵᠠᠷᠤᠳᠡᠯ ᠤᠨ ᠨᠡᠮᠡᠯᠳᠡ᠂ ᠤᠷᠤᠨ ᠨᠤᠳᠤᠭ ᠤᠨ ᠰᠤᠷᠭᠠᠨ ᠬᠦᠮᠦᠵᠢᠯ ᠤᠨ ᠵᠠᠷᠤᠳᠡᠯ ᠤᠨ ᠨᠡᠮᠡᠯᠳᠡ ᠰᠤᠷᠭᠠᠨ ᠬᠦᠮᠦᠵᠢᠯ ᠤᠨ ᠪᠡᠯᠡ ᠮᠦᠩᠭᠦ ᠶᠢ ᠨᠢᠭᠡᠳᠤᠯᠳᠡᠢ ᠳᠦᠯᠦᠪᠯᠡᠨ ᠬᠡᠷᠡᠭᠯᠡᠨ᠎ᠡ᠃ ︵ᠳᠦᠷᠪᠡ︶ ᠰᠤᠷᠭᠠᠨ ᠬᠦᠮᠦᠵᠢᠯ ᠢ ᠬᠢᠨᠠᠨ ᠵᠢᠯᠤᠭᠤᠳᠴᠦ ᠦᠨᠡᠯᠡᠨ ᠵᠢᠱᠢᠬᠦ ᠪᠠ ᠶᠠᠰᠦ ᠴᠢᠨᠠᠷ ᠢ ᠬᠢᠨᠠᠨ ᠬᠡᠮᠵᠢᠬᠦ ᠶᠢ ᠬᠡᠷᠡᠭᠵᠢᠬᠦᠯᠬᠦ ᠬᠡᠷᠡᠭᠳᠡᠢ         ︽ᠰᠢᠬᠠᠮᠳᠠᠭᠤᠯᠤᠨ ᠰᠤᠷᠤᠯᠴᠠᠬᠤ᠂ ᠶᠡᠷᠦᠩᠭᠡᠶᠢᠯᠡᠨ ᠰᠢᠯᠭᠠᠨ ᠦᠨᠡᠯᠡᠬᠦ ᠪᠠ ᠦᠨᠡᠯᠡᠨ ᠵᠢᠱᠢᠵᠦ ᠬᠢᠨᠠᠨ ᠰᠢᠨᠵᠢᠬᠦ︾ ᠭᠤᠷᠪᠠ ᠶᠢ ᠨᠢᠭᠡ ᠴᠤᠭᠴᠠᠵᠢᠭᠤᠯᠤᠭᠰᠠᠨ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠰᠢᠰᠲ᠋ᠧᠮᠵᠢ ᠶᠢ  ᠪᠠᠶᠢᠭᠤᠯᠤᠨ᠎ᠠ᠃ ᠡᠩ ᠤᠨ ᠳᠤᠮᠳᠠᠳᠤ ᠪᠠᠭ᠎ᠠ ᠰᠤᠷᠭᠠᠭᠠᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠶᠡᠷᠦᠩᠭᠡᠶᠢᠯᠡᠨ ᠬᠢᠨᠠᠨ ᠵᠢᠯᠤᠭᠤᠳᠴᠦ ᠦᠨᠡᠯᠡᠨ ᠵᠢᠱᠢᠬᠦ ᠠᠵᠢᠯ ᠢ ᠡᠬᠢᠯᠡᠬᠦᠯᠵᠦ᠂ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠪᠠ ᠦᠨᠡᠯᠡᠨ ᠵᠢᠱᠢᠵᠦ ᠬᠢᠨᠠᠨ ᠬᠡᠮᠵᠢᠭᠰᠡᠨ ᠦᠷ᠎ᠡ ᠳ᠋ᠦᠩ ᠤᠨ ᠬᠡᠷᠡᠭᠯᠡᠯᠳᠡ ᠶᠢ ᠴᠢᠩᠭᠠᠷᠠᠭᠤᠯᠤᠨ ᠂ ᠬᠢᠨᠠᠨ ᠰᠢᠯᠭᠠᠵᠦ ᠱᠠᠩᠨᠠᠵᠦ ᠳᠤᠷᠭᠠᠬᠤ ᠳᠤᠭᠳᠠᠴᠠ ᠶᠢ ᠪᠦᠷᠢᠨᠰᠢᠬᠦᠯᠵᠦ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠷᠳᠡᠭ ᠨᠡᠮᠡᠭᠳᠡᠯ ᠤᠨ ᠴᠢᠨᠠᠷᠳᠡᠢ ᠦᠨᠡᠯᠡᠯᠳᠡ ᠶᠢᠨ ᠦᠷ᠎ᠡ ᠳ᠋ᠦᠩ ᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠦ ᠴᠢᠨᠠᠷ ᠢ ᠦᠨᠡᠯᠡᠨ ᠵᠢᠱᠢᠵᠦ ᠱᠠᠩᠨᠠᠵᠦ ᠳᠤᠷᠭᠠᠬᠤ ᠪᠠ ᠤᠳᠤᠷᠢᠳᠬᠤ ᠪᠠᠭ ᠤᠨ ᠳᠤᠬᠢᠷᠠᠭᠤᠯᠤᠯᠳᠠ ᠬᠢᠬᠦ ᠲᠠᠢ ᠬᠤᠯᠪᠤᠬᠤ ᠠᠵᠢᠯ ᠤᠨ ᠳᠤᠭᠳᠠᠴᠠ ᠶᠢ ᠰᠦᠪᠡᠭᠴᠢᠯᠡᠨ᠎ᠡ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号