ᠬᠤᠲᠠ ᠶᠢᠨ ᠨᠠᠮ ᠤᠨ ᠬᠤᠷᠢᠶᠠᠨ ᠤ ᠲᠠᠪᠣᠳᠣᠭᠠᠷ ᠴᠠᠭᠳᠠᠨ ᠪᠠᠶᠢᠴᠠᠭᠠᠬᠤ ᠲᠣᠭᠤᠶᠢᠯᠠᠩ ᠰᠢᠭᠤᠶᠢᠲᠣ ᠲᠣᠭᠤᠷᠢᠭ ᠲᠤ ᠬᠦᠷᠴᠦ ᠴᠠᠭᠳᠠᠨ ᠪᠠᠶᠢᠴᠠᠭᠠᠬᠤ ᠲᠣᠭᠤᠶᠢᠯᠠᠩ ᠤᠨ ᠠᠵᠢᠯ ᠢ ᠪᠠᠶᠢᠴᠠᠭᠠᠨ ᠰᠣᠳᠣᠯᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2019-07-10
   7 ᠰᠠᠷ᠎ᠠ ᠶᠢᠨ8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠲᠠᠪᠣᠳᠣᠭᠠᠷ ᠴᠠᠭᠳᠠᠨ ᠪᠠᠶᠢᠴᠠᠭᠠᠬᠤ ᠲᠣᠭᠤᠶᠢᠯᠠᠩ ᠤᠨ ᠳᠡᠳ᠋ ᠳᠣᠭᠤᠶᠢᠯᠠᠩ ᠤᠨ ᠳᠠᠷᠤᠭ᠎ᠠ ᠰᠦᠨ ᠬᠤᠩ ᠵᠢᠶᠧ ᠨᠠᠷ ᠮᠠᠨ ᠤ ᠲᠣᠭᠤᠷᠢᠭ ᠲᠤ ᠢᠷᠡᠵᠦ ᠴᠠᠭᠳᠠᠨ ᠪᠠᠶᠢᠴᠠᠭᠠᠬᠤ ᠲᠣᠭᠤᠶᠢᠯᠠᠩ ᠤᠨ ᠠᠵᠢᠯ ᠢ ᠪᠠᠶᠢᠴᠠᠭᠠᠨ ᠰᠣᠳᠣᠯᠵᠦ ᠵᠢᠭᠠᠨ ᠵᠢᠯᠣᠭᠤᠳᠪᠠ᠃ ᠪᠠᠶᠢᠴᠠᠭᠠᠨ ᠰᠣᠳᠣᠯᠬᠤ ᠳᠣᠭᠤᠶᠢᠯᠠᠩ ᠨᠢ ᠮᠠᠨ ᠤ ᠲᠣᠭᠤᠷᠢᠭ ᠤᠨ ᠴᠠᠭᠳᠠᠨ ᠪᠠᠶᠢᠴᠠᠭᠠᠬᠤ ᠠᠵᠢᠯ ᠤᠨ ᠮᠡᠳᠡᠭᠦᠯᠦᠯᠲᠡ ᠶᠢ ᠰᠣᠨᠣᠰᠣᠭᠰᠠᠨ ᠪᠦᠭᠡᠳ ᠴᠠᠭᠳᠠᠨ ᠪᠠᠶᠢᠴᠠᠭᠠᠬᠤ ᠲᠣᠭᠤᠶᠢᠯᠠᠩ ᠤᠨ ᠪᠦᠷᠢᠯᠳᠦᠭᠦᠨ᠂ ᠡᠯ᠎ᠡ ᠬᠤᠯᠪᠣᠭᠠᠳᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠲᠦᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠬᠠᠮᠢᠶ᠎ᠠ ᠪᠦᠬᠦᠢ ᠲᠠᠩᠰᠠ ᠡᠪᠭᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠦᠭᠡᠳ ᠵᠢᠭᠠᠨ ᠵᠢᠯᠣᠭᠤᠳᠪᠠ᠃
   ᠶᠠᠷᠢᠯᠴᠠᠬᠤ ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ2017 ᠣᠨ ᠠᠴᠠ ᠨᠠᠰᠢᠬᠢ ᠮᠠᠨ ᠤ ᠲᠣᠭᠤᠷᠢᠭ ᠤᠨ ᠴᠠᠭᠳᠠᠨ ᠪᠠᠶᠢᠴᠠᠭᠠᠬᠤ ᠪᠠᠶᠢᠭᠤᠯᠣᠮᠵᠢ᠂ ᠲᠦᠷᠢᠮ ᠤᠨ ᠪᠠᠶᠢᠭᠤᠯᠣᠯᠲᠡ᠂ ᠨᠢᠭᠡᠳᠦᠯ ᠲᠠᠢ ᠲᠦᠯᠦᠪᠯᠡᠨ ᠲᠣᠬᠢᠷᠠᠭᠤᠯᠬᠤ᠂ ᠦᠨᠡᠨ ᠳᠡᠭᠡᠷ᠎ᠡ ᠨᠢ ᠠᠰᠠᠭᠤᠳᠠᠯ ᠢ ᠢᠯᠡᠷᠬᠡᠶᠢᠯᠡᠬᠦ᠂ ᠬᠢᠨᠠᠯᠲᠡ ᠲᠠᠯᠪᠢᠬᠤ ᠬᠠᠮᠳᠣᠷᠠᠯ ᠬᠦᠴᠦᠨ ᠢ ᠴᠢᠩᠭᠠᠳᠬᠠᠬᠤ᠂ ᠴᠠᠭᠳᠠᠨ ᠪᠠᠶᠢᠴᠠᠭᠠᠬᠤ ᠭᠤᠴᠤᠭ᠎ᠠ ᠶᠢ ᠴᠢᠩᠭᠠᠳᠬᠠᠬᠤ ᠂ ᠠᠰᠠᠭᠤᠳᠠᠯ ᠤᠨ ᠡᠬᠡ ᠪᠢᠴᠢᠭ ᠤᠨ ᠲᠦᠷᠢᠮ ᠢ ᠪᠠᠷᠢᠮᠳᠠᠯᠠᠬᠤ ᠵᠡᠷᠭᠡ ᠲᠠᠯ᠎ᠠ ᠪᠠᠷ ᠬᠠᠷᠢᠭᠤ ᠮᠠᠳᠡᠭᠦᠯᠦᠯᠲᠡ ᠬᠢᠵᠦ᠂ ᠪᠠᠶᠢᠴᠠᠭᠠᠨ ᠰᠣᠳᠣᠯᠬᠤ ᠲᠣᠭᠤᠶᠢᠯᠠᠩ ᠮᠠᠨ ᠤ ᠲᠣᠭᠤᠷᠢᠭ ᠤᠨ ᠴᠠᠭᠳᠠᠨ ᠪᠠᠶᠢᠴᠠᠭᠠᠬᠤ ᠠᠵᠢᠯ ᠢ ᠬᠦᠢᠴᠠᠳ ᠨᠣᠳᠠᠯᠠᠪᠠ᠃    ᠪᠠᠶᠢᠴᠠᠭᠠᠨ ᠰᠣᠳᠣᠯᠬᠤ ᠲᠣᠭᠤᠶᠢᠯᠠᠩ ᠤᠨ ᠬᠢᠨ ᠱᠠᠭᠠᠷᠳᠠᠭᠰᠠᠨ ᠨᠢ᠂ ᠴᠠᠭᠳᠠᠨ ᠪᠠᠶᠢᠴᠠᠭᠠᠬᠤ ᠠᠵᠢᠯ ᠢ ᠵᠢᠷᠣᠮᠵᠢᠭᠤᠯᠬᠤ ᠪᠠᠶᠢᠭᠤᠯᠣᠯᠲᠡ ᠶᠢ ᠴᠢᠩᠭᠠᠳᠬᠠᠵᠦ᠂ ᠣᠯᠠᠮ ᠨᠢᠭᠡ  ᠠᠯᠬᠤᠮ ᠴᠠᠭᠳᠠᠨ ᠪᠠᠶᠢᠴᠠᠭᠠᠬᠤ ᠶᠠᠪᠣᠴᠠ ᠶᠢ ᠲᠦᠷᠢᠮᠵᠢᠭᠦᠯᠵᠣ᠂ ᠳᠡᠩᠰᠡ ᠡᠪᠬᠡᠮᠡᠯ ᠤᠨ ᠮᠠᠲ᠋ᠧᠷᠢᠶᠠᠯ ᠢ ᠴᠣᠭᠯᠠᠭᠤᠯᠵᠦ ᠳᠡᠩᠰᠡ ᠡᠪᠬᠡᠮᠡᠯ ᠳᠤ ᠣᠷᠣᠭᠤᠯᠬᠤ᠂ ᠲᠤᠭ᠎ᠠ ᠪᠠᠷᠢᠮᠲᠡ ᠶᠢᠨ ᠬᠠᠮᠢᠶᠠᠷᠣᠯᠲᠡ ᠶᠢᠨ ᠲᠠᠰᠤᠭ ᠤᠨ ᠪᠠᠶᠢᠭᠤᠯᠣᠯᠲᠠ ᠵᠡᠷᠭᠡ ᠲᠠᠯ᠎ᠠ ᠶᠢᠨ ᠠᠵᠢᠯ ᠢ ᠣᠯᠠᠮ ᠨᠢᠭᠡ ᠠᠯᠬᠤᠮ ᠵᠢᠷᠣᠮᠵᠢᠭᠤᠯᠵᠦ᠂ ᠲᠣᠲᠠᠭᠳᠠᠯ ᠢ ᠨᠦᠬᠦᠪᠦᠷᠢᠯᠡᠨ᠂ ᠪᠦᠬᠦᠯᠢ ᠴᠣᠭᠴᠠ ᠶᠢᠨ ᠠᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠠᠢ᠃ ᠴᠠᠭᠳᠠᠨ ᠪᠠᠶᠢᠴᠠᠭᠠᠬᠤ ᠪᠦᠬᠦᠨ ᠢ ᠪᠦᠷᠬᠦᠬᠦ ᠠᠷᠭ᠎ᠠ ᠵᠠᠮ ᠳᠤ ᠰᠢᠨ᠎ᠠ ᠶᠢ ᠡᠭᠦᠳᠴᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ ᠪᠦᠬᠦᠨ ᠢ ᠪᠦᠷᠭᠦᠭᠦ ᠠᠬᠢᠴᠠ ᠪᠠ ᠠᠶᠢᠵᠠᠮ ᠢ ᠣᠨᠣᠪᠴᠢᠲᠠᠢ ᠡᠵᠡᠮᠳᠡᠵᠦ᠂ ᠶᠠᠰᠦ ᠴᠢᠨᠠᠷ ᠪᠠ ᠦᠷ᠎ᠡ ᠪᠦᠳᠦᠮᠵᠢ ᠶᠢ ᠪᠠᠲᠣᠯᠠᠭᠰᠠᠨ ᠰᠠᠭᠤᠷᠢᠨ ᠳᠡᠭᠡᠷ᠎ᠡ ᠴᠠᠭᠳᠠᠨ ᠪᠠᠶᠢᠴᠠᠭᠠᠬᠤ ᠡᠭᠦᠷᠭᠡ ᠶᠢ ᠪᠡᠶᠡᠯᠡᠭᠦᠯᠬᠦ ᠬᠡᠷᠡᠭᠲᠠᠢ᠃ ᠠᠳᠠᠯᠢ ᠪᠣᠰᠦ ᠴᠠᠭᠳᠠᠨ ᠪᠠᠶᠢᠴᠠᠭᠠᠬᠤ ᠡᠭᠦᠷᠭᠡ ᠪᠠ ᠡᠯ᠎ᠡ ᠵᠦᠢᠯ ᠤᠨ ᠴᠠᠭᠳᠠᠨ ᠪᠠᠶᠢᠴᠠᠭᠠᠬᠤ ᠠᠷᠭ᠎ᠠ ᠮᠠᠶ᠋ᠢᠭ ᠤᠨ ᠣᠨᠴᠠᠯᠢᠭ ᠢ ᠣᠨᠣᠪᠴᠢᠲᠠᠢ ᠡᠵᠡᠮᠳᠡᠵᠦ᠂ ᠡᠩ ᠤᠨ ᠴᠠᠭᠳᠠᠨ ᠪᠠᠶᠢᠴᠠᠭᠠᠬᠤ᠂ ᠲᠣᠰᠬᠠᠢ ᠴᠠᠭᠳᠠᠨ ᠪᠠᠶᠢᠴᠠᠭᠠᠬᠤ ᠶᠢ ᠪᠠᠷᠢᠮᠳᠠᠯᠡᠭ᠌ᠰᠡᠨ ᠰᠠᠭᠤᠷᠢᠨ ᠳᠡᠭᠡᠷ᠎ᠡ᠂ ︽ᠳᠡᠰ ᠳᠡᠪᠰᠢᠭᠦᠯᠬᠦ︾᠂ ︽ᠰᠣᠯᠪᠢᠴᠠᠭᠤᠯᠬᠤ︾᠂ ︽ᠬᠦᠳᠡᠯᠥᠩᠭᠦᠢ ᠮᠠᠶ᠋ᠢᠭ︾ ᠵᠡᠷᠭᠡ ᠴᠠᠭᠳᠠᠨ ᠪᠠᠶᠢᠴᠠᠭᠠᠬᠤ ᠠᠷᠭ᠎ᠠ ᠮᠠᠶ᠋ᠢᠭ ᠢ ᠬᠠᠨᠳᠣᠯᠭᠠᠳᠦ ᠴᠢᠨᠠᠷᠲᠠᠢ ᠪᠠᠷ ᠬᠡᠷᠡᠭᠯᠡᠬᠦ ᠬᠡᠷᠡᠭᠲᠠᠢ᠃ ᠨᠠᠷᠢᠨ ᠳᠡᠩᠰᠠ ᠶᠢᠨ ᠮᠠᠶ᠋ᠢᠭ  ᠤᠨ ᠬᠠᠮᠢᠶᠠᠷᠣᠯᠲᠡ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠮᠦᠨ᠂ ᠭᠤᠣᠯᠳᠠᠯᠭ᠎ᠠ ᠲᠠᠢ ᠬᠡᠷᠡᠭ ᠶᠠᠪᠣᠳᠠᠯ᠂ ᠭᠤᠣᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ᠂ ᠲᠠᠷᠣᠶᠢᠬᠠᠨ ᠬᠡᠷᠡᠭᠵᠢᠭᠦᠯᠵᠦ ᠲᠠᠷᠣᠶᠢᠬᠠᠨ ᠰᠠᠶᠢᠵᠢᠷᠠᠭᠤᠯᠬᠤ ᠨᠠᠷᠢᠨ ᠳᠡᠩᠰᠡ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠡᠷᠢᠬᠦ ᠨᠠᠷᠢᠨ ᠳᠡᠩᠰᠡ᠂ ᠠᠰᠠᠭᠤᠳᠠᠯ ᠤᠨ ᠰᠦᠪᠡᠭᠴᠢ ᠶᠢᠨ ᠨᠠᠷᠢᠨ ᠳᠡᠩᠰᠡ ᠶᠢ ᠡᠮᠬᠢᠯᠡᠨ ᠪᠦᠷᠢᠯᠳᠦᠭᠦᠯᠵᠦ᠂ ᠲᠦᠷᠦᠯ ᠬᠤᠪᠢᠶᠠᠨ ᠰᠠᠬᠢᠯᠭ᠎ᠠ ᠪᠠᠲᠣ ᠶᠢ ᠪᠠᠶᠢᠴᠠᠭᠠᠬᠤ᠂ ᠵᠣᠬᠢᠶᠠᠨ ᠪᠠᠶᠢᠭᠤᠯᠣᠯᠲᠠ᠂ ᠴᠠᠭᠳᠠᠨ ᠪᠠᠶᠢᠴᠠᠭᠠᠬᠤ ᠨᠠᠮ ᠤᠨ ᠵᠣᠬᠢᠶᠠᠨ ᠪᠠᠶᠢᠭᠤᠯᠣᠯᠲᠡ ᠳᠤ ᠰᠢᠯᠵᠢᠭᠦᠯᠦᠨ ᠲᠣᠰᠢᠶᠠᠵᠦ᠂ ᠨᠠᠷᠢᠨ ᠳᠡᠩᠰᠡ ᠶᠢᠨ ᠲᠦᠷᠢᠮ ᠢᠶᠠᠷ ᠳᠡᠮᠵᠢᠨ ᠴᠠᠭᠳᠠᠨ ᠪᠠᠶᠢᠴᠠᠭᠠᠬᠤ ᠬᠢᠨᠠᠯᠲᠡ ᠳᠡᠯᠪᠢᠬᠤ ᠪᠠ ᠡᠳᠦᠷ ᠲᠣᠲᠣᠮ ᠤᠨ ᠬᠢᠨᠠᠯᠲᠡ ᠲᠠᠯᠪᠢᠬᠤ ᠶᠢ ᠪᠦᠳᠦᠮᠵᠢᠲᠠᠢ ᠵᠣᠯᠭᠠᠭᠤᠯᠬᠤ ᠬᠡᠷᠡᠭᠲᠠᠢ᠃ ᠬᠤᠳᠠ ᠶᠢᠨ ᠨᠠᠮ ᠤᠨ ᠬᠤᠷᠢᠶᠠᠨ ᠤ ᠴᠠᠭᠳᠠᠬᠤ ᠪᠠᠶᠢᠴᠠᠭᠠᠬᠤ ᠠᠯᠪᠠᠨ ᠭᠡᠷ ᠤᠨ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠦ᠂ ᠴᠠᠭᠳᠠᠬᠤ ᠪᠠᠶᠢᠴᠠᠭᠠᠬᠤ ᠠᠵᠢᠯ ᠤᠨ ᠪᠣᠳᠡᠳᠡᠢ ᠪᠠᠶᠢᠳᠠᠯ ᠪᠠ ᠠᠰᠠᠭᠤᠳᠠᠯ ᠢ ᠴᠠᠭ ᠲᠣᠬᠠᠢ ᠳᠤᠨᠢ ᠳᠣᠰᠬᠠᠵᠦ᠂ ᠬᠤᠳᠠ ᠶᠢᠨ ᠨᠠᠮ ᠤᠨ ᠬᠤᠷᠢᠶᠠᠨ ᠤ ᠴᠠᠭᠳᠠᠬᠤ ᠪᠠᠶᠢᠴᠠᠭᠠᠬᠤ ᠠᠯᠪᠠᠨ ᠭᠡᠷ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ᠂ ᠦᠪᠡᠷᠮᠢᠴᠡ ᠴᠢᠨᠠᠷ ᠤᠨ ᠠᠰᠠᠭᠤᠳᠠᠯ ᠢ ᠰᠢᠢᠳᠪᠦᠷᠢᠯᠡᠬᠦ ᠶᠢ ᠵᠢᠯᠣᠭᠤᠳᠬᠤ ᠳᠤ ᠦᠨᠳᠦᠰᠦ ᠪᠠᠷᠢᠮᠲᠡ ᠬᠠᠩᠭᠠᠬᠤ ᠬᠡᠷᠡᠭᠲᠠᠢ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号