7 ᠰᠠᠷ᠎ᠠ ᠶᠢᠨ17 ᠤ ᠡᠳᠦᠷ᠂ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠳᠡᠰ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠳᠦ ︽ᠣᠭ ᠰᠠᠨᠠᠭ᠎ᠠ ᠪᠠᠨ ᠦᠯᠦ ᠮᠠᠷᠳᠡᠵᠦ ᠡᠭᠦᠷᠭᠡ | ᠬᠠᠷᠢᠭᠤᠴᠠᠯᠭ᠎ᠠ ᠪᠠᠨ ᠪᠠᠳᠦ ᠴᠠᠭᠡᠵᠢᠯᠡᠬᠦ︾ ᠭᠤᠣᠯ ᠰᠡᠳᠦᠪᠳᠦ ᠬᠦᠮᠦᠵᠢᠯ ᠢ ᠦᠷᠨᠢᠭᠦᠯᠬᠦ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠲᠦᠷᠦᠭᠦᠯᠡᠨ ᠰᠣᠷᠣᠯᠴᠠᠪᠠ᠃ | | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ | ᠲᠠᠷᠤᠭ᠎ᠠ ᠵᠠᠩ ᠬᠠᠢ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠪᠠ᠃ ᠬᠤᠷᠠᠯ ᠠᠴᠠ | ᠶᠡᠷᠦᠩᠬᠡᠢ ᠱᠦᠵᠢ ᠰᠢ ᠶᠢᠨ ᠫᠢᠩ ᠤᠨ7 ᠰᠠᠷ᠎ᠠ ᠶᠢᠨ15 ᠤ ᠡᠳᠦᠷ ᠦᠪᠣᠷ ᠮᠣᠩᠭᠤᠯ ᠤᠨ ᠣᠯᠠᠭᠠᠨᠬᠠᠳᠠ ᠬᠤᠳᠠ | ᠪᠣᠯᠣᠨ ᠬᠦᠬᠡᠬᠤᠲᠠ ᠳᠤ ᠰᠢᠨᠵᠢᠯᠡᠨ ᠪᠠᠶᠢᠴᠠᠭᠠᠵᠦ ᠵᠢᠭᠠᠨ ᠵᠢᠯᠣᠭᠤᠳᠣᠭᠰᠠᠨ ᠰᠣᠨᠢᠨ ᠮᠡᠳᠡᠭᠡᠨ ᠤ ᠡᠬᠡ ᠪᠢᠴᠢᠭ ᠢ | ᠲᠦᠪᠯᠡᠷᠡᠭᠦᠯᠣᠨ ᠰᠣᠷᠣᠯᠴᠠᠵᠦ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠢᠳᠡᠪᠬᠢᠲᠠᠢ ᠪᠠᠷ ᠶᠠᠷᠢᠶ᠎ᠠ | ᠳᠡᠯᠪᠢᠵᠦ᠂ ᠲᠣᠬᠠᠢ ᠶᠢᠨ ᠲᠠᠯᠠᠪᠠᠢ ᠳᠤ ᠰᠣᠷᠣᠯᠴᠠᠭᠰᠠᠨ ᠣᠯᠣᠯᠲᠡ ᠲᠦᠷᠦᠭᠳᠡᠯ ᠢᠶᠠᠨ ᠰᠣᠯᠢᠯᠴᠠᠪᠠ᠃ | ᠵᠠᠩ ᠬᠠᠢ᠂ ᠶᠡᠷᠦᠩᠬᠡᠢ ᠱᠦᠵᠢ ᠰᠢ ᠶᠢᠨ ᠫᠢᠩ ᠦᠪᠣᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠦᠭᠡᠳ ︽ | ᠣᠭ ᠰᠠᠨᠠᠭ᠎ᠠ ᠪᠠᠨ ᠦᠯᠦ ᠮᠠᠷᠳᠡᠵᠦ ᠡᠭᠦᠷᠭᠡ ᠬᠠᠷᠢᠭᠤᠴᠠᠯᠭ᠎ᠠ ᠪᠠᠨ ᠪᠠᠳᠦ ᠴᠠᠭᠡᠵᠢᠯᠡᠬᠦ︾ ᠭᠤᠣᠯ ᠰᠡᠳᠦᠪᠳᠦ | ᠬᠦᠮᠦᠵᠢᠯ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠰᠢ ᠶᠢᠨ ᠫᠢᠩ ᠤᠨ ᠰᠢᠨ᠎ᠠ ᠴᠠᠭ ᠦᠶ᠎ᠡ | ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠠᠶᠢᠭᠡᠮ ᠵᠢᠷᠦᠮ ᠤᠨ ᠦᠵᠡᠯ ᠰᠠᠨᠠᠭ᠎ᠠ ᠲᠠᠢ ᠨᠢᠭᠡ ᠰᠣᠨᠳᠠᠰᠣ ᠪᠠᠷ | ᠬᠤᠯᠪᠣᠭᠳᠠᠭᠰᠠᠨ ᠶᠣᠮ᠂ ᠪᠦᠬᠦ ᠨᠠᠮ ᠤᠨ ᠭᠡᠰᠢᠭᠦᠨ ᠺᠠᠳ᠋ᠷ ᠴᠢᠨᠠᠭᠰᠢᠳᠠ ᠰᠣᠷᠣᠯᠴᠠᠨ ᠰᠡᠳᠬᠢᠵᠦ | ᠦᠢᠯᠡᠳᠦᠯᠭᠡᠵᠢᠭᠦᠯᠦᠨ ᠡᠵᠡᠮᠰᠢᠵᠦ᠂ ᠨᠡᠪᠳᠡᠷᠡᠳᠡᠯ᠎ᠠ ᠣᠶᠢᠯᠭᠠᠵᠦ᠂ ᠣᠯᠣᠰ ᠲᠦᠷᠦ ᠶᠢᠨ ᠬᠡᠪ ᠴᠢᠨᠠᠷ ᠢᠶᠠᠨ | ᠲᠠᠰᠣᠷᠠᠯᠲᠡ ᠦᠭᠡᠢ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠣᠭᠤᠯᠵᠦ᠂ ᠠᠵᠢᠯ ᠢᠶᠠᠨ ᠠᠬᠢᠭᠤᠯᠬᠤ ᠬᠡᠷᠡᠭᠲᠠᠢ᠃ ᠲᠠᠷᠡ ᠬᠦᠰᠡᠬᠦ ᠨᠢ᠂ ᠪᠦᠬᠦ ᠨᠠᠮ | ᠤᠨ ᠭᠡᠰᠢᠬᠦᠨ ᠣᠳᠣᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠠᠷᠠᠳ ᠲᠦᠮᠡᠨ | ᠢᠶᠠᠷ ᠭᠤᠣᠯ ᠪᠣᠯᠭᠠᠬᠤ ᠬᠦᠭᠵᠢᠯᠲᠡ ᠶᠢᠨ ᠦᠢᠯᠡᠭᠠᠭᠳᠠᠬᠤᠨ︾ ᠪᠣᠯᠣᠨ ︽ᠰᠠᠬᠢᠨ ᠪᠠᠷᠠᠯᠠᠵᠦ ᠬᠠᠷᠢᠯᠴᠠᠨ | ᠬᠠᠪᠰᠣᠷᠣᠯᠴᠠᠵᠦ᠂ ᠦᠪᠣᠷ ᠮᠣᠩᠭᠤᠯ ᠢᠶᠠᠨ ᠣᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠣᠷᠣᠨ | ᠪᠣᠯᠭᠠᠨ ᠪᠦᠳᠦᠭᠡᠨ ᠪᠠᠶᠢᠭᠤᠯᠬᠤ︾ ᠭᠦᠨ ᠭᠦᠨᠵᠡᠭᠡᠢ ᠠᠭᠤᠯᠣᠭᠳᠠᠬᠤᠨ ᠪᠣᠯᠣᠨ ᠰᠡᠳᠬᠢᠴᠡ ᠶᠢᠨ ᠮᠦᠨ ᠴᠢᠨᠠᠷ ᠢ | ᠭᠦᠨᠵᠡᠭᠡᠢ ᠣᠶᠢᠯᠭᠠᠨ ᠡᠵᠡᠮᠰᠢᠵᠦ᠂ ︽ᠣᠭ ᠰᠠᠨᠠᠭ᠎ᠠ ᠪᠠᠨ ᠦᠯᠦ ᠮᠠᠷᠳᠠᠵᠦ ᠡᠭᠦᠷᠭᠡ ᠬᠠᠷᠢᠭᠤᠴᠠᠯᠭ᠎ᠠ ᠪᠠᠨ ᠪᠠᠳᠦ | ᠴᠠᠭᠡᠵᠢᠯᠡᠬᠦ︾ ᠣᠬᠠᠮᠰᠠᠷ ᠢ ᠪᠠᠳᠦ ᠪᠣᠢ ᠪᠣᠯᠭᠠᠵᠦ᠂ ᠬᠤᠪᠢ ᠬᠦᠮᠦᠨ ᠤ ᠪᠠᠨ ᠠᠵᠢᠯ ᠤᠨ ᠪᠠᠶᠢᠷᠢ ᠳᠠᠭᠠᠨ | ᠰᠠᠭᠤᠷᠢᠯᠠᠵᠦ᠂ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ᠂ ᠠᠮᠣᠷ ᠲᠦᠪᠰᠢᠨ ᠤ ᠲᠣᠭᠳᠠᠭᠤᠨ ᠤ | ᠬᠠᠯᠬᠠᠪᠴᠢ ᠵᠡᠷᠭᠡ ᠲᠠᠯ᠎ᠠ ᠪᠠᠷ ᠬᠦᠴᠦᠯᠡᠨ ᠠᠬᠢᠭᠤᠯᠵᠦ᠂ ᠭᠠᠪᠢᠶ᠎ᠠ ᠪᠠᠶᠢᠭᠤᠯᠵᠦ ᠦᠢᠯᠡᠰ ᠪᠣᠰᠬᠠᠬᠤ ᠬᠡᠷᠡᠭᠲᠠᠢ ᠭᠡᠵᠦ | ᠱᠠᠭᠠᠷᠳᠠᠪᠠ᠃ ᠪᠦᠬᠦ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠢᠶᠠᠨ ᠲᠠᠰᠣᠷᠠᠯᠲᠡ ᠦᠭᠡᠢ ᠴᠢᠩᠭᠠᠳᠬᠠᠵᠦ᠂ | ᠦᠨᠳᠣᠰᠣᠨ ᠱᠠᠳᠦᠨ ᠤ ᠵᠣᠬᠢᠶᠠᠨ ᠪᠠᠶᠢᠭᠤᠯᠣᠯᠲᠡ ᠶᠢᠨ ᠴᠣᠭᠴᠠᠯᠠᠯᠲᠡ ᠶᠢ ᠰᠠᠶᠢᠳᠣᠷ ᠬᠢᠬᠦ ᠦᠵᠡᠯ ᠰᠠᠨᠠᠭ᠎ᠠ ᠶᠢᠨ | ᠣᠬᠠᠮᠰᠠᠷ᠂ ᠣᠯᠣᠰ ᠲᠦᠷᠦ ᠶᠢᠨ ᠣᠬᠠᠮᠰᠠᠷ᠂ ᠠᠵᠢᠯᠯᠠᠭᠠᠨ ᠤ ᠣᠬᠠᠮᠰᠠᠷ ᠢᠶᠠᠨ ᠦᠨᠡᠨᠬᠦ ᠴᠢᠩᠭᠠᠳᠬᠠᠵᠦ᠂ ᠮᠠᠨ ᠤ | ᠲᠣᠭᠤᠷᠢᠭ ᠤᠨ ᠦᠷᠨᠢᠭᠦᠯᠬᠦ ᠪᠠᠷ ᠪᠠᠶᠢᠭ᠎ᠠ ︽ᠣᠭ ᠰᠠᠨᠠᠭ᠎ᠠ ᠪᠠᠨ ᠦᠯᠦ ᠮᠠᠷᠳᠠᠵᠦ ᠡᠭᠦᠷᠭᠡ ᠬᠠᠷᠢᠭᠤᠴᠠᠯᠭ᠎ᠠ ᠪᠠᠨ | ᠪᠠᠳᠦ ᠴᠠᠭᠡᠵᠢᠯᠡᠬᠦ︾ ᠭᠤᠣᠯ ᠰᠡᠳᠦᠪᠳᠦ ᠬᠦᠮᠦᠵᠢᠯ ᠤᠨ ᠠᠵᠢᠯᠯᠠᠭ᠎ᠠ ᠶᠢ ᠯᠡᠪᠳᠠᠭᠤᠨ ᠪᠠᠳᠣᠲᠠᠢ ᠠᠬᠢᠭᠤᠯᠵᠦ᠂ ᠨᠡᠩ | ᠴᠢᠨᠠᠷ ᠰᠠᠶᠢᠲᠠᠢ ᠴᠢᠨᠠᠭᠡᠯᠢᠭ ᠨᠠᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠳᠦ ᠴᠢᠩᠭ᠎ᠠ ᠪᠠᠳᠣᠯᠠᠭ᠎ᠠ ᠬᠠᠩᠭᠠᠪᠠ᠃ | |