︽ᠰᠢᠭᠤᠶᠢᠳᠤ ᠳᠤᠭᠤᠷᠢᠭ ᠤᠨ 2019 ᠤᠨ ᠪᠦᠬᠦ ᠠᠷᠠᠳ ᠤᠨ ᠠᠯᠪᠡᠨ ᠵᠢᠷᠦᠮ ᠤᠨ ᠮᠤᠳᠤ ᠳᠠᠷᠢᠬᠤ ᠡᠳᠤᠷ ᠤᠨ ᠠᠵᠢᠯᠯᠠᠭ᠎ᠠ ᠶᠢᠨ ᠬᠡᠷᠡᠭᠵᠢᠬᠦᠯᠬᠦ ᠳᠦᠰᠦᠯ︾ ᠢ ᠳᠠᠷᠤᠮᠠᠯᠯᠠᠨ ᠳᠠᠷᠬᠠᠭᠠᠬᠤ ᠳᠤᠬᠠᠢ ᠰᠢᠭᠤᠶᠢᠳᠤ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠡᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-07-02
                          ᠰᠢᠭᠤᠶᠢᠳᠤ ᠠᠯᠪᠠᠨ ᠳᠠᠷᠬᠠᠭᠠᠭᠰᠠᠨ ﹇2019﹈ 14 ᠳ᠋ᠤᠭᠡᠷ ᠳᠤᠭᠠᠳᠤ        2019 ᠤᠨ ᠪᠤᠯ ᠰᠢᠨ᠎ᠡ ᠳᠤᠮᠳᠠᠳᠤ ᠤᠯᠤᠰ ᠠᠴᠠ ᠮᠤᠳᠤ ᠳᠠᠷᠢᠬᠤ ᠪᠠᠶᠠᠷ ᠢ ᠪᠠᠶᠢᠭᠤᠯᠤᠭᠰᠠᠨ 40 ᠵᠢᠯ ᠤᠨ ᠤᠢ ᠪᠤᠯᠤᠨ᠎ᠠ᠃ ᠮᠦᠨᠴᠦ ︽ᠪᠤᠭᠤᠳᠤ ᠬᠤᠳᠠ ᠶᠢᠨ ᠠᠯᠪᠡᠨ ᠵᠢᠷᠦᠮ ᠤᠨ ᠮᠤᠳᠤ ᠳᠠᠷᠢᠬᠤ ᠳᠦᠷᠢᠮ︾ ᠢ ᠨᠠᠶᠢᠳᠠᠯᠠᠵᠦ ᠬᠡᠷᠡᠭᠵᠢᠬᠦᠯᠦᠭᠰᠡᠨ 11 ᠳ᠋ᠤᠭᠡᠷ ᠵᠢᠯ ᠶᠤᠮ᠃ ᠶᠡᠷᠦᠩᠭᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠳᠤᠮᠳᠠᠳᠤ ᠶᠢᠨ ᠦᠨᠳᠤᠰᠦᠳᠡᠨ ᠤ ᠮᠤᠳᠤ ᠳᠠᠷᠢᠬᠤ ᠰᠠᠶᠢᠨ ᠤᠯᠠᠮᠵᠢᠯᠠᠯ ᠢ ᠪᠠᠳᠠᠷᠠᠭᠤᠯᠵᠦ᠂ ᠤᠯᠤᠰ ᠠᠴᠠ ᠨᠤᠳᠤᠭ ᠳᠡᠪᠢᠰᠭᠡᠷ ᠤᠨ ᠨᠤᠭᠤᠭᠠᠷᠠᠭᠤᠯᠤᠯᠳᠠ ᠳᠤ ᠳᠠᠰᠤᠷᠠᠯᠳᠠ ᠦᠭᠡᠢ ᠦᠨᠡᠨ ᠪᠤᠳᠠᠳᠠᠢ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ︾ ᠬᠡᠰᠡᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠪᠦᠬᠦ ᠤᠷᠤᠨ ᠤ ᠠᠷᠠᠳ ᠳᠦᠮᠡᠨ ᠤ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ ᠤᠷᠤᠯᠴᠠᠬᠤ᠂ ᠦᠵᠡᠰᠬᠦᠯᠡᠩᠳᠤ ᠰᠠᠶᠢᠬᠠᠨ ᠭᠡᠷ ᠤᠷᠤᠨ ᠢ ᠬᠠᠮᠳᠤ ᠪᠠᠷ ᠪᠦᠳᠦᠭᠡᠨ ᠪᠠᠶᠢᠭᠤᠯᠬᠤ ᠢᠳᠡᠪᠬᠢᠵᠢᠯ ᠢ ᠬᠦᠢᠴᠡᠳ ᠳᠠᠶᠢᠴᠢᠯᠠᠵᠦ᠂ 2019 ᠤᠨ ᠤ ᠳᠤᠭᠤᠷᠢᠭ ᠤᠨ ᠠᠯᠪᠡᠨ ᠵᠢᠷᠦᠮ ᠤᠨ ᠮᠤᠳᠤ ᠳᠠᠷᠢᠬᠤ ᠡᠳᠤᠷ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠰᠠᠶᠢᠳᠤᠷ ᠵᠤᠬᠢᠶᠠᠨ ᠪᠠᠶᠢᠭᠤᠯᠬᠤ ᠶᠢᠨ ᠳᠦᠯᠦᠭᠡ ᠳᠤᠰ ᠳᠦᠰᠦᠯ ᠢ ᠳᠤᠭᠳᠠᠭᠠᠪᠠ᠃ᠨᠢᠭᠡ᠂ ᠠᠵᠢᠯᠯᠠᠭ᠎ᠠ ᠶᠢᠨ ᠭᠤᠤᠯ ᠰᠡᠳᠤᠪ        ᠪᠦᠬᠦ ᠠᠷᠠᠳ ᠢᠶᠠᠷ ᠢᠶᠠᠨ ᠠᠯᠪᠡᠨ ᠵᠢᠷᠦᠮ ᠤᠨ ᠮᠤᠳᠤ ᠳᠠᠷᠢᠬᠤ ᠳᠤ ᠤᠷᠤᠯᠴᠠᠵᠦ᠂ ᠭᠠᠷ ᠬᠤᠯᠪᠤᠨ ᠰᠠᠶᠢᠨ ᠰᠠᠶᠢᠬᠠᠨ ᠬᠡᠷ ᠤᠷᠤᠨ ᠢᠶᠠᠨ ᠬᠠᠮᠳᠤ ᠪᠠᠷ ᠪᠦᠳᠦᠭᠡᠨ ᠪᠠᠶᠢᠭᠤᠯᠤᠨ᠎ᠠ᠃ᠬᠤᠶᠠᠷ᠂ ᠴᠠᠭ ᠬᠤᠭᠤᠴᠠᠭ᠎ᠠ        2019 ᠤᠨ ᠤ 4 ᠰᠠᠷ᠎ᠠ ᠶᠢᠨ 3 ᠤ ᠡᠳᠤᠷ ︵ᠭᠠᠷᠠᠭ ᠤᠨ ᠵᠢᠷᠭᠤᠭᠠᠨ︶ ᠤᠨ ᠦᠳᠡ ᠶᠢᠨ ᠡᠮᠤᠨᠡᠬᠢ 9:00 -11:30᠃ᠭᠤᠷᠪᠠ᠂ ᠭᠠᠵᠠᠷ        ᠰᠢᠭᠤᠶᠢᠳᠤ ᠳᠤᠭᠤᠷᠢᠭ ᠤᠨ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠨᠦᠬᠦᠨ ᠳᠠᠷᠢᠵᠦ ᠨᠤᠭᠤᠭᠠᠷᠠᠠᠭᠤᠯᠬᠤ ᠰᠠᠭᠤᠷᠢᠨ ᠭᠠᠵᠠᠷ᠃ᠳᠦᠷᠪᠡ᠂ ᠤᠷᠤᠯᠴᠠᠭᠴᠢ        ︵ᠨᠢᠭᠡ︶᠂ ᠳᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂ ᠤᠯᠤᠰ ᠳᠦᠷᠦ ᠶᠢᠨ ᠵᠦᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠺᠠᠳᠡᠷ ᠠᠵᠢᠯᠳᠡᠨ ᠠᠵᠢᠯᠴᠢᠨ᠃        ︵ᠬᠤᠶᠠᠷ︶᠂ ᠳᠤᠭᠤᠷᠢᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠺᠠᠳᠡᠷ ᠠᠵᠢᠯᠳᠡᠨ ᠠᠵᠢᠯᠴᠢᠨ᠃        ︵ᠭᠤᠷᠪᠠ︶᠂ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠦᠴᠢᠷ᠂ ᠰᠤᠮᠤ ᠪᠠᠯᠭᠠᠰᠦ᠂ ᠵᠡᠭᠡᠯᠢ ᠭᠤᠳᠤᠮᠵᠢ᠂ ᠬᠠᠮᠢᠶ᠎ᠡ ᠪᠦᠬᠦᠢ ᠠᠵᠦ ᠠᠬᠤᠶᠢᠯᠠᠯ ᠠᠵᠢᠯ ᠤᠶᠢᠯᠡᠰ ᠤᠨ ᠨᠢᠭᠡᠴᠡ ᠶᠢᠨ ᠺᠠᠳᠡᠷ ᠠᠵᠢᠯᠳᠠᠡ᠃         ︵ᠳᠦᠷᠪᠡ︶᠂ ᠰᠢᠭᠤᠶᠢᠳᠤ ᠳᠤᠭᠤᠷᠢᠭ ᠤᠨ ᠪᠤᠰᠤᠳ ᠺᠠᠳᠡᠷ ᠠᠵᠢᠯᠳᠡᠨ ᠠᠵᠢᠯᠴᠢᠨ᠃ᠳᠠᠪᠤ᠂ ᠠᠵᠢᠯᠯᠠᠭ᠎ᠠ ᠶᠢᠨ ᠳᠤᠬᠢᠷᠠᠭᠤᠯᠤᠯᠳᠠ         ︵ᠨᠢᠭᠡ︶᠂ 1 ᠳ᠋ᠤᠭᠡᠷ ᠠᠯᠪᠡᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ ︵50 ᠬᠦᠮᠦᠨ︶         ᠰᠢᠶᠠᠨ ᠤ ᠱᠠᠳᠤᠨ ᠤ ᠤᠳᠤᠷᠢᠳᠤᠯᠭ᠎ᠠ ᠵᠢᠴᠢ ᠳᠤᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠨᠢᠭᠡᠴᠡ ᠪᠠᠷ ᠪᠦᠷᠢᠯᠳᠤᠵᠦ᠂ ᠬᠦᠮᠦᠨ ᠪᠦᠷᠢ ᠳᠤᠮᠳᠠᠴᠢ ᠪᠠᠷ 5 ᠰᠠᠭᠤᠷᠢ ᠳᠠᠷᠢᠵᠦ᠂ 250 ᠰᠠᠭᠤᠷᠢ ᠳᠠᠷᠢᠪᠠ᠃        ︵ᠬᠤᠶᠠᠷ︶᠂ 2 ᠳ᠋ᠤᠭᠠᠷ ᠠᠯᠪᠡᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ  ︵477 ᠬᠦᠮᠦᠨ︶        ᠳᠤᠭᠤᠷᠢᠭ ᠤᠨ ᠡᠯ᠎ᠡ ᠪᠠᠶᠢᠭᠤᠯᠤᠯᠭ᠎ᠠ ᠨᠢᠭᠡᠴᠡ ᠪᠠᠷ ᠪᠦᠷᠢᠯᠳᠤᠵᠦ᠂ ᠬᠦᠮᠦᠨ ᠪᠦᠷᠢ ᠳᠤᠮᠳᠠᠴᠢ ᠪᠠᠷ 5 ᠰᠠᠭᠤᠷᠢ ᠳᠠᠷᠢᠵᠦ᠂ 2260 ᠰᠠᠭᠤᠷᠢ ᠳᠠᠷᠢᠪᠠ᠃         ︵ ᠭᠤᠷᠪᠠ︶᠂ 3 ᠳ᠋ᠤᠭᠠᠷ ᠠᠯᠪᠡᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ  ︵195 ᠬᠦᠮᠦᠨ︶         ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶ᠎ᠡ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠢᠶᠠᠷ ᠪᠦᠷᠢᠯᠳᠤᠵᠦ᠂ ᠬᠦᠮᠦᠨ ᠪᠦᠷᠢ ᠳᠤᠮᠳᠠᠴᠢ ᠪᠠᠷ 5 ᠰᠠᠭᠤᠷᠢ ᠳᠠᠷᠢᠵᠦ᠂ 975 ᠰᠠᠭᠤᠷᠢ ᠳᠠᠷᠢᠪᠠ᠃         ︵ᠳᠦᠷᠪᠡ︶᠂ 4 ᠳ᠋ᠤᠭᠡᠷ ᠠᠯᠪᠡᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ ︵189 ᠬᠦᠮᠦᠨ︶         ᠵᠢᠪᠬᠤᠯᠠᠩᠳᠤ ᠰᠤᠮᠤ᠂ ᠪᠠᠳᠺᠠᠷ ᠰᠦᠮ᠎ᠡ ᠪᠠᠯᠭᠠᠰᠦ᠂ ᠰᠢᠭᠤᠶᠢᠳᠤ ᠵᠡᠭᠡᠯᠢ ᠭᠤᠳᠤᠮᠵᠢ᠂ ᠳ᠋ᠠ ᠹᠠ ᠵᠡᠭᠡᠯᠢ ᠭᠤᠳᠤᠮᠵᠢ᠂ ᠳ᠋ᠠ ᠳ᠋ᠧ ᠡᠾᠧᠩ ᠵᠡᠭᠡᠯᠢ ᠭᠤᠳᠤᠮᠵᠢ᠂ ᠪᠠᠢ ᠬᠤ᠋ ᠭᠸᠦ ᠵᠡᠭᠡᠯᠢ ᠭᠤᠳᠤᠮᠵᠢ᠂ ᠳ᠋ᠠ ᠼᠢ ᠵᠡᠭᠡᠯᠢ ᠭᠤᠳᠤᠮᠵᠢ᠂ ᠳᠤᠭᠤᠷᠢᠭ ᠤᠨ ᠡᠳ᠋ ᠤᠨ ᠵᠠᠰᠠᠭ ᠤᠨ ᠳᠤᠪᠴᠢᠶ᠎ᠡ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠳᠤᠪᠴᠢᠶ᠎ᠡ ᠪᠠᠷ ᠪᠦᠷᠢᠯᠳᠦᠵᠦ᠂ ᠬᠦᠮᠦᠨ ᠪᠦᠷᠢ ᠳᠤᠮᠳᠠᠴᠢ ᠪᠠᠷ 5 ᠰᠠᠭᠤᠷᠢ ᠳᠠᠷᠢᠵᠦ᠂ 945 ᠰᠠᠭᠤᠷᠢ ᠳᠠᠷᠢᠪᠠ᠃        ︵ᠳᠠᠪᠤ︶᠂ 5 ᠳ᠋ᠤᠭᠠᠷ ᠠᠯᠪᠡᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ  ︵144 ᠬᠦᠮᠦᠨ︶        ᠳᠤᠭᠤᠷᠢᠭ ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠨᠠᠮ ᠤᠨ ᠬᠤᠷᠢᠶ᠎ᠠ᠂ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶ᠎ᠡ ᠪᠠᠷ ᠪᠦᠷᠢᠯᠳᠤᠵᠦ᠂ ᠬᠦᠮᠦᠨ ᠪᠦᠷᠢ ᠳᠤᠮᠳᠠᠴᠢ ᠪᠠᠷ 5 ᠰᠠᠭᠤᠷᠢ ᠳᠠᠷᠢᠵᠦ᠂ 720 ᠰᠠᠭᠤᠷᠢ ᠳᠠᠷᠢᠪᠠ᠃        ︵ᠵᠢᠷᠭᠤᠭ᠎ᠠ︶᠂ 6 ᠳ᠋ᠤᠭᠠᠷ ᠠᠯᠪᠡᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ  ︵300 ᠬᠦᠮᠦᠨ         ᠪᠤᠭᠤᠳᠤ ᠶᠢᠨ ᠡᠳᠤᠷ ᠤᠨ ᠰᠤᠨᠢᠨ ᠤ ᠬᠤᠷᠢᠶᠠᠨ ᠤ ᠰᠤᠷᠪᠤᠯᠵᠢᠯᠠᠭᠴᠢ ᠪᠠᠷ ᠪᠦᠷᠢᠯᠳᠤᠵᠦ᠂ ᠬᠦᠮᠦᠨ ᠪᠦᠷᠢ ᠳᠤᠮᠳᠠᠴᠢ ᠪᠠᠷ 5 ᠰᠠᠭᠤᠷᠢ ᠳᠠᠷᠢᠵᠦ᠂ 1500 ᠰᠠᠭᠤᠷᠢ ᠳᠠᠷᠢᠪᠠ᠃        ︵ᠳᠤᠯᠤᠭ᠎ᠠ︶᠂ 7 ᠳ᠋ᠤᠭᠠᠷ ᠠᠯᠪᠡᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ  ︵200 ᠬᠦᠮᠦᠨ         ᠳᠤᠷᠰᠢᠯᠳᠠ ᠶᠢᠨ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢ ᠪᠠᠷ ᠪᠦᠷᠢᠯᠳᠤᠵᠦ᠂ ᠬᠦᠮᠦᠨ ᠪᠦᠷᠢ ᠳᠤᠮᠳᠠᠴᠢ ᠪᠠᠷ 5 ᠰᠠᠭᠤᠷᠢ ᠳᠠᠷᠢᠵᠦ᠂ 1000 ᠰᠠᠭᠤᠷᠢ ᠳᠠᠷᠢᠪᠠ᠃ ᠵᠢᠷᠭᠤᠭ᠎ᠠ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ        ᠶᠡᠷᠦᠩᠭᠡᠢ ᠵᠢᠯᠤᠭᠤᠳᠤᠭᠴᠢ᠄ ᠭᠠᠢ ᠢᠤᠢ        ᠳᠡᠳ᠋ ᠶᠡᠷᠦᠩᠭᠡᠢ ᠵᠢᠯᠤᠭᠤᠳᠤᠭᠴᠢ᠄ ᠬᠤᠤ ᠴᠦᠨ ᠭᠤᠸᠠᠩ᠂ ᠳ᠋ᠦᠩ ᠺᠠᠢ        ᠵᠢᠯᠤᠭᠤᠳᠬᠤ ᠭᠠᠵᠠᠷ ᠤᠨ ᠪᠦᠷᠢᠯᠳᠦᠬᠦᠨ ᠨᠢ ᠠᠵᠢᠯᠯᠠᠭ᠎ᠠ ᠳᠤ ᠤᠷᠤᠯᠴᠠᠭᠰᠠᠨ ᠭᠠᠵᠠᠷ ᠤᠷᠤᠨ᠂ ᠰᠠᠯᠠᠭ᠎ᠠ ᠮᠦᠴᠢᠷ ᠤᠨ ᠬᠤᠪᠢᠳᠡᠨ ᠬᠠᠮᠢᠶᠠᠷᠴᠦ ᠪᠦᠬᠦᠢ ᠤᠳᠤᠷᠢᠳᠤᠯᠭ᠎ᠠ ᠪᠠᠷ ᠪᠦᠷᠢᠯᠳᠤᠨ᠎ᠡ᠃ ᠵᠢᠯᠤᠭᠤᠳᠬᠤ ᠭᠠᠵᠠᠷ ᠤᠨ ᠳᠤᠤᠷ᠎ᠠ ᠠᠯᠪᠠᠨ ᠭᠡᠷ ᠪᠠᠶᠢᠭᠤᠯᠵᠦ᠂ ᠠᠯᠪᠡᠨ ᠭᠡᠷ ᠤᠨ ᠡᠷᠬᠢᠯᠡᠭᠴᠢ ᠶᠢᠨ ᠳᠤᠰᠢᠶᠠᠯ ᠢ ᠬᠤᠤ ᠴᠦᠨ ᠭᠤᠸᠠᠩ᠂ ᠳᠡᠳ᠋ ᠡᠷᠬᠢᠯᠡᠭᠴᠢ ᠶᠢᠨ ᠳᠤᠰᠢᠶᠠᠯ ᠢ ᠳ᠋ᠦᠩ ᠺᠠᠢ ᠬᠠᠪᠰᠤᠷᠭᠠᠨ ᠬᠠᠷᠢᠭᠤᠴᠠᠪᠠ᠃ᠳᠤᠯᠤᠭ᠎ᠠ᠂ ᠠᠵᠢᠯᠯᠠᠭ᠎ᠠ ᠶᠢᠨ ᠱᠠᠭᠠᠷᠳᠠᠯᠭ᠎ᠠ        1᠂ ᠳᠤᠰ ᠤᠳᠠᠭᠠᠨ ᠤ ᠠᠵᠢᠯᠯᠠᠭ᠎ᠠ ᠳᠤ ᠤᠷᠤᠯᠴᠠᠬᠤ ᠨᠢᠭᠡᠴᠡ ᠨᠢ 1 ᠬᠤᠯᠪᠤᠭᠠᠴᠢᠨ ︵ᠠᠯᠪᠡᠨ ᠭᠡᠷ ᠤᠨ ᠡᠷᠬᠢᠯᠡᠭᠴᠢ ᠬᠠᠷᠢᠭᠤᠴᠠᠨ᠎ᠠ︶ ᠢ ᠳᠤᠭᠳᠠᠭᠠᠠᠵᠦ᠂ 4 ᠰᠠᠷ᠎ᠠ ᠶᠢᠨ 12 ᠤ ᠡᠳᠤᠷ ︵ᠭᠠᠷᠠᠭ ᠤᠨ ᠳᠠᠪᠤᠨ︶ ᠤᠨ ᠦᠳᠡ ᠶᠢᠨ 12:00 ᠠᠴᠠ ᠡᠮᠤᠨ᠎ᠡ ᠬᠤᠯᠪᠤᠭᠠᠴᠢᠨ ᠤ ᠤᠪᠤᠭ ᠨᠡᠷ᠎ᠡ ᠵᠢᠴᠢ ᠬᠠᠷᠢᠯᠴᠠᠬᠤ ᠬᠠᠶ᠋ᠢᠭ ᠢ ᠳᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠡ ᠶᠢᠨ ᠠᠯᠪᠠᠨ ᠭᠡᠷ ᠲᠤ ᠮᠡᠳᠡᠬᠦᠯᠦᠨ ᠬᠦᠷᠭᠡᠬᠦ ᠬᠡᠷᠡᠭᠳᠡᠢ᠂ ᠬᠠᠷᠢᠯᠴᠠᠬᠤ ᠤᠳᠠᠰᠦ᠄ 8728083᠃        2᠂ ᠤᠷᠤᠯᠴᠠᠭᠰᠠᠨ ᠬᠦᠮᠦᠰ ᠢ ᠡᠯ᠎ᠡ ᠨᠢᠭᠡᠴᠡ ᠦᠪᠡᠷᠳᠡᠭᠡᠨ ᠵᠤᠬᠢᠶᠠᠨ ᠪᠠᠶᠢᠭᠤᠯᠵᠦ᠂ 4 ᠰᠠᠷ᠎ᠠ ᠶᠢᠨ 13 ᠤ ᠦᠳᠡ ᠶᠢᠨ ᠡᠮᠤᠨ᠎ᠡ 8:40 ᠠᠴᠠ ᠡᠮᠤᠨ᠎ᠡ ᠮᠤᠳᠤ ᠳᠠᠷᠢᠬᠤ ᠳᠠᠯᠠᠪᠠᠢ ᠳᠤ ᠬᠦᠷᠦᠨ᠎ᠡ᠃        3᠂ ᠠᠯᠪᠠᠨ ᠵᠢᠷᠦᠮ ᠤᠨ ᠮᠤᠳᠤ ᠳᠠᠷᠢᠬᠤ ᠳᠤ ᠤᠷᠤᠯᠴᠠᠬᠤ ᠨᠢᠭᠡᠴᠡ ᠬᠦᠷᠵᠡ ᠵᠡᠷᠭᠡ ᠮᠤᠳᠤ ᠳᠠᠷᠢᠬᠤ ᠪᠠᠭᠠᠵᠢ ᠶᠢ ᠦᠪᠡᠰᠦᠪᠡᠨ ᠪᠡᠯᠡᠳᠭᠡᠨ᠎ᠡ᠃       4᠂ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠡ ᠳᠤᠬᠠᠢ ᠶᠢᠨ ᠭᠠᠵᠠᠷ ᠤᠨ ᠪᠠᠶᠢᠷᠢᠭᠤᠯᠤᠯᠳᠠ ᠶᠢ ᠬᠠᠷᠢᠭᠤᠴᠠᠨ ᠪᠠᠶᠢᠷᠢᠯᠠᠭᠤᠯᠵᠦ᠂ ᠠᠯᠪᠡᠨ ᠵᠢᠷᠦᠮ ᠤᠨ ᠮᠤᠳᠤ ᠳᠠᠷᠢᠬᠤ ᠳᠤ ᠬᠡᠷᠡᠭᠰᠡᠬᠦ ᠵᠤᠯᠵᠠᠭ᠎ᠠ ᠮᠤᠳᠤ ᠶᠢ ᠪᠡᠯᠡᠳᠭᠡᠨ ᠮᠤᠳᠤ ᠳᠠᠷᠢᠬᠤ ᠠᠵᠢᠯᠯᠠᠭ᠎ᠠ ᠶᠢᠨ ᠮᠡᠷᠭᠡᠵᠢᠯ ᠤᠨ ᠵᠢᠯᠤᠭᠤᠳᠤᠯᠭ᠎ᠠ ᠵᠡᠷᠭᠡ ᠠᠵᠢᠯ ᠢ ᠰᠠᠶᠢᠳᠤᠷ ᠬᠢᠯᠭᠡᠬᠦ ᠬᠡᠷᠡᠭᠳᠡᠢ᠃        5᠂ ᠪᠠᠳᠺᠠᠷ ᠰᠦᠮ᠎ᠡ ᠪᠠᠯᠭᠠᠰᠦ ᠠᠯᠪᠠᠨ ᠵᠢᠷᠦᠮ ᠤᠨ ᠮᠤᠳᠤ ᠳᠠᠷᠢᠬᠤ ᠰᠠᠭᠤᠷᠢᠨ ᠭᠠᠵᠠᠷ ᠤᠨ ᠳᠤᠰᠬᠤᠨ ᠤ ᠠᠷᠠᠳ ᠤᠨ ᠭᠠᠵᠠᠷ ᠰᠢᠷᠦᠢ ᠶᠢᠨ ᠠᠵᠢᠯ ᠢ ᠵᠤᠬᠢᠴᠠᠭᠤᠯᠬᠤ ᠶᠢ ᠬᠠᠷᠢᠭᠤᠴᠠᠨ᠎ᠠ᠃        6᠂ ᠳᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠰᠤᠨᠢᠨ ᠮᠡᠳᠡᠭᠡᠨ ᠤ ᠵᠠᠭᠤᠴᠢᠯᠠᠭᠤᠷ ᠢ ᠵᠤᠬᠢᠶᠠᠨ ᠪᠠᠶᠢᠭᠤᠯᠵᠦ ᠤᠬᠠᠭᠤᠯᠤᠨ ᠮᠡᠳᠡᠭᠡᠯᠡᠬᠦ ᠠᠵᠢᠯ ᠢ ᠰᠠᠶᠢᠳᠤᠷ ᠬᠢᠬᠦ ᠶᠢ ᠬᠠᠷᠢᠭᠤᠴᠠᠨ᠎ᠠ᠃        7᠂ ᠳᠤᠭᠤᠷᠢᠭ ᠤᠨ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶ᠎ᠡ ᠠᠵᠢᠯᠯᠠᠭᠠᠨ ᠤ ᠳᠤᠬᠠᠢ ᠶᠢᠨ ᠳᠠᠯᠠᠪᠠᠢ ᠶᠢᠨ ᠠᠮᠤᠷ ᠳᠦᠪᠰᠢᠨ ᠢ ᠪᠠᠳᠤᠯᠠᠬᠤ ᠠᠵᠢᠯ ᠢ ᠬᠠᠷᠢᠭᠤᠴᠠᠨ᠎ᠠ᠃        8᠂ ᠳᠤᠭᠤᠷᠢᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠵᠢᠯᠯᠠᠭᠠᠨ ᠤ ᠳᠤᠬᠠᠢ ᠶᠢᠨ ᠳᠠᠯᠠᠪᠠᠢ ᠶᠢᠨ ᠡᠮᠴᠢᠯᠡᠭᠡᠨ ᠤ ᠪᠠᠳᠤᠯᠠᠭ᠎ᠠ ᠶᠢᠨ ᠠᠵᠢᠯ ᠢ ᠬᠠᠷᠢᠭᠤᠴᠠᠨ ᠰᠠᠶᠢᠳᠤᠷ ᠬᠢᠬᠦ ᠬᠡᠷᠡᠭᠳᠡᠢ᠃        9᠂ ᠳᠤᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠭᠢ ᠨᠢ ᠠᠵᠢᠯᠯᠠᠭᠠᠨ ᠤ ᠳᠤᠬᠠᠢ ᠶᠢᠨ ᠳᠠᠯᠠᠪᠠᠢ ᠶᠢᠨ ᠵᠠᠮ ᠬᠠᠷᠢᠯᠴᠠᠭ᠎ᠠ ᠶᠢ ᠵᠢᠯᠤᠭᠤᠳᠬᠤ ᠠᠵᠢᠯ ᠢ ᠬᠠᠷᠢᠭᠤᠴᠠᠨ᠎ᠠ᠃        10᠂ ᠳᠤᠭᠤᠷᠢᠭ ᠤᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠷᠳᠡᠭᠡ ᠨᠢ ᠠᠵᠢᠯᠯᠠᠭᠠᠨ ᠤ ᠳᠤᠬᠠᠢ ᠶᠢᠨ ᠳᠠᠯᠠᠪᠠᠢ ᠶᠢᠨ ᠠᠷᠢᠭᠤᠨ ᠴᠡᠪᠡᠷ ᠢ ᠬᠠᠷᠢᠭᠤᠴᠠᠨ᠎ᠠ᠃ᠨᠠᠢᠮᠠ᠂ ᠪᠤᠰᠤᠳ ᠵᠤᠶᠢᠯ        1᠂ ᠡᠯ᠎ᠡ ᠰᠠᠯᠠᠭ᠎ᠠ ᠮᠦᠴᠢᠷ᠂ ᠨᠢᠭᠡᠴᠡ ᠪᠤᠯᠤᠨ ᠦᠷᠭᠡᠨ ᠤᠯᠠᠨ ᠺᠠᠳᠡᠷ ᠤᠯᠤᠰ ᠳᠦᠷᠦ ᠶᠢ ᠡᠷᠬᠢᠮᠯᠡᠬᠦ ᠳᠡᠭᠡᠳᠤ ᠬᠡᠮᠵᠢᠶᠡᠨ ᠠᠴᠠ ᠡᠨᠡᠬᠦ ᠠᠵᠢᠯ ᠢ ᠦᠨᠡᠨ ᠬᠦ ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ ᠴᠢᠩᠭᠠᠳᠬᠠᠵᠦ ︽ᠦᠵᠡᠰᠬᠦᠯᠡᠩᠳᠤ ᠰᠠᠶᠢᠬᠠᠨ ᠠᠭᠤᠯᠠ ᠤᠰᠤ ᠲᠠᠢ ᠰᠢᠨ᠎ᠡ ᠰᠢᠭᠤᠶᠢᠳᠤ︾ ᠶᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠦᠨ᠎ᠡ᠃        2᠂ ᠠᠯᠪᠡᠨ ᠵᠢᠷᠦᠮ ᠤᠨ ᠮᠤᠳᠤ ᠳᠠᠷᠢᠬᠤ ᠳᠤ ᠤᠷᠤᠯᠴᠠᠭᠰᠠᠨ ᠬᠦᠮᠦᠰ ᠢ ᠰᠠᠶᠢᠳᠤᠷ ᠵᠤᠬᠢᠶᠠᠨ ᠪᠠᠶᠢᠭᠤᠯᠵᠦ᠂ ᠠᠵᠢᠯᠯᠠᠭᠠᠨ ᠤ ᠪᠦᠬᠦ ᠶᠠᠪᠤᠴᠠ ᠳᠤ ᠬᠦᠮᠦᠰ ᠤᠨ ᠠᠮᠤᠷ ᠳᠦᠪᠰᠢᠨ ᠢ ᠦᠨᠡᠨ ᠬᠦ ᠪᠠᠳᠤᠯᠠᠵᠦ᠂ ᠬᠡᠮᠳᠤᠭᠡᠬᠦ ᠪᠠ ᠡᠳ᠋ ᠬᠦᠷᠦᠩᠭᠡ ᠶᠢᠨ ᠬᠤᠬᠢᠷᠠᠯ ᠠᠴᠠ ᠵᠠᠶᠢᠯᠠᠰᠬᠢᠬᠦ ᠬᠡᠷᠡᠭᠳᠡᠢ᠃        3᠂ ᠠᠯᠪᠡᠨ ᠵᠢᠷᠦᠮ ᠤᠨ ᠮᠤᠳᠤ ᠳᠠᠷᠢᠬᠤ ᠠᠵᠢᠯᠯᠠᠭ᠎ᠠ ᠳᠤ ᠤᠶᠢᠵᠢᠭᠤᠯᠬᠤ ᠮᠡᠷᠭᠡᠵᠢᠯ ᠤᠨ ᠮᠤᠳᠤ ᠳᠠᠷᠢᠬᠤ ᠳᠦᠷᠢᠮ ᠳᠤᠭᠳᠠᠭᠠᠯ ᠶᠤᠰᠤᠭᠠᠷ ᠮᠤᠳᠤ ᠳᠠᠷᠢᠬᠤ ᠠᠵᠢᠯᠯᠠᠭ᠎ᠠ ᠦᠷᠨᠢᠬᠦᠯᠵᠦ᠂ ᠴᠢᠬᠢ ᠮᠤᠳᠤᠨ ᠤ ᠡᠳᠡᠭᠡᠷᠡᠯᠳᠡ ᠶᠢ ᠦᠨᠡᠨ ᠬᠦ ᠪᠠᠳᠤᠯᠠᠬᠤ ᠶᠢᠨ ᠬᠠᠮᠳᠤ ᠭᠠᠯ ᠢ ᠰᠡᠷᠭᠡᠶᠢᠯᠡᠬᠦ ᠶᠢ ᠠᠩᠬᠠᠷᠴᠦ ᠬᠤᠭ ᠨᠤᠪᠰᠢ ᠶᠢ ᠳᠤᠷ᠎ᠠ ᠪᠠᠷ ᠬᠠᠶᠠᠵᠦ ᠪᠤᠯᠬᠤ ᠦᠭᠡᠢ ᠶᠤᠮ᠃  
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号