60 ᠰᠢᠬᠠᠵᠤ ᠪᠠᠶᠢᠭ᠎ᠠ ᠬᠦᠮᠦᠰ ᠡᠷᠡᠭᠦᠯ ᠮᠡᠨᠳᠦ ᠶᠢᠨ ᠠᠷᠪᠠᠨ ᠳᠠᠳᠬᠠᠯ ᠢ ᠪᠤᠢ ᠪᠤᠯᠭᠠᠵᠤ ᠥᠳᠡᠯᠦᠬᠡ ᠨᠠᠰᠤᠨ ᠳᠠᠭᠠᠨ ᠤᠷᠤᠬᠤ ᠪᠡᠯᠡᠳᠬᠡᠯ ᠢᠶᠠᠨ ᠰᠠᠶᠢᠳᠤᠷ ᠬᠢᠭᠡᠷᠡᠢ︕
ᠨᠡᠶᠢᠲᠡᠯᠡᠭᠰᠡᠨ ᠴᠠᠭ᠄
2019-07-24
   ᠨᠠᠶᠢᠷᠠᠭᠤᠯᠤᠭᠴᠢ ᠶᠢᠨ ᠦᠭᠡ᠄ ᠠᠮᠢᠳᠤᠷᠠᠯ ᠤᠨ ᠲᠦᠪᠰᠢᠨ ᠳᠡᠭᠡᠭᠰᠢᠯᠡᠬᠦ ᠶᠢ ᠳᠠᠭᠠᠯᠳᠤᠨ᠂ ᠡᠷᠡᠭᠦᠯ ᠮᠡᠨᠳᠦ ᠨᠢ ᠮᠠᠨ ᠤ ᠬᠠᠮᠤᠭ ᠠᠴᠠ ᠢᠯᠡᠭᠦᠤ ᠠᠩᠬᠠᠷᠬᠤ ᠰᠡᠳᠦᠪ ᠪᠣᠯᠤᠬᠰᠠᠨ ᠪᠠᠶᠢᠨ᠎ᠠ᠃ ᠡᠷᠡᠭᠦᠯ ᠢᠳᠡᠭᠡᠨ ᠭᠡᠭᠴᠢ ᠶᠠᠭᠤ ᠪᠤᠢ︖ ᠠᠮᠢᠳᠤᠷᠠᠯ ᠤᠨ ᠳᠤᠮᠳᠠ ᠡᠪᠡᠳᠴᠢᠨ ᠤᠯᠬᠤ ᠠᠴᠠ ᠬᠡᠷᠬᠢᠨ ᠰᠡᠷᠭᠡᠶᠢᠯᠡᠬᠦ ᠪᠤᠢ︖ ᠬᠡᠳᠡᠭ ᠨᠢ ᠴᠦᠮ ᠣᠯᠠᠨ ᠤ ᠠᠩᠬᠠᠷᠤᠯ ᠤᠨ ᠲᠦᠪᠯᠡᠷᠡᠯ ᠪᠣᠯᠵᠠᠶ᠃ ᠠᠷᠠᠳ ᠤᠨ ᠡᠷᠡᠭᠦᠯ ᠮᠡᠨᠳᠦ ᠶᠢᠨ ᠰᠦᠯᠵᠢᠶ᠎ᠡ ᠨᠢ ︽ ᠶᠢᠨ ᠲᠠᠢ ᠨᠡᠷᠡᠮᠵᠢᠳᠦ ᠪᠡᠶ᠎ᠡ ᠰᠤᠪᠢᠯᠠᠬᠤ︾ ᠪᠤᠯᠤᠩ ᠭᠠᠷᠭᠠᠵᠤ᠂ ᠲᠠ ᠤᠯᠠᠨ ᠳᠤ ᠪᠡᠶ᠎ᠡ ᠰᠤᠪᠢᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢᠨ ᠲᠤᠬᠠᠢ ᠵᠦᠪᠯᠡᠯᠭᠡ ᠦᠭᠬᠦ ᠪᠠᠷ ᠲᠠᠨᠠᠷ ᠢ ᠡᠷᠡᠭᠦᠯ ᠮᠡᠨᠳᠦ ᠶᠢᠨ ᠬᠦᠷᠢᠶᠡᠯᠡᠩ ᠳᠡᠭᠡᠨ ᠵᠠᠯᠠᠵᠤ  ᠪᠠᠶᠢᠨ᠎ᠠ᠃                              60 ᠰᠢᠬᠠᠵᠤ ᠪᠠᠶᠢᠭ᠎ᠠ ᠬᠦᠮᠦᠰ ᠡᠷᠡᠭᠦᠯ ᠮᠡᠨᠳᠦ ᠶᠢᠨ ᠠᠷᠪᠠᠨ ᠳᠠᠳᠬᠠᠯ ᠢ ᠪᠤᠢ ᠪᠤᠯᠭᠠᠬᠤ ᠬᠡᠷᠡᠭᠳᠡᠢ᠃                      ᠠᠮᠧᠷᠢᠺᠠ ᠶᠢᠨ ᠪᠠᠷᠠᠭᠤᠨ ᠸᠢᠷᠬᠢᠨᠢᠶ᠎ᠠ ᠶᠡᠭᠡ ᠰᠤᠷᠭᠠᠭᠤᠯᠢ ᠶᠢᠨ ᠭᠡᠷ ᠪᠦᠯᠢ ᠶᠢᠨ ᠠᠨᠠᠭᠠᠬᠤ ᠤᠬᠠᠭᠠᠨ ᠤ ᠰᠠᠯᠪᠤᠷᠢ ᠶᠢᠨ ᠡᠷᠬᠢᠯᠡᠭᠴᠢ ᠳ᠋ᠠᠨᠠ· ᠶᠢᠨ ᠫᠷᠣᠹᠧᠰᠰᠣᠷ ᠰᠠᠨᠠᠭᠤᠯᠵᠤ ᠬᠡᠯᠡᠬᠦ ᠳᠡᠭᠡᠨ᠂60 ᠰᠢᠬᠠᠵᠦ ᠪᠠᠶᠢᠭ᠎ᠠ ᠬᠦᠮᠦᠰ10 ᠳᠠᠳᠬᠠᠯ ᠢ ᠪᠤᠢ ᠪᠤᠯᠭᠠᠵᠤ᠂ ᠡᠷᠡᠭᠦᠯ ᠮᠡᠨᠳᠦ ᠪᠠᠷ ᠥᠳᠡᠯᠦᠭᠡ ᠨᠠᠰᠤᠨ ᠳᠠᠭᠠᠨ ᠤᠷᠤᠬᠤ ᠪᠡᠯᠡᠳᠭᠡᠯ ᠢ ᠰᠠᠶᠢᠳᠤᠷ ᠬᠢᠭᠡᠷᠡᠢ ᠭᠡᠵᠡᠶ᠃                  1. ᠴᠢᠨᠠᠷ ᠰᠠᠶᠢᠳᠠᠢ ᠲᠠᠮᠢᠷ ᠤᠨ ᠱᠠᠬᠠᠶ ᠬᠤᠳᠠᠯᠳᠤᠨ ᠠᠪᠤᠭᠠᠷᠠᠢ᠃ ᠠᠮᠧᠷᠢᠺᠠ ᠶᠢᠨ ︽ᠨᠠᠰᠤᠳᠠᠶᠢᠴᠤᠳ ᠢ ᠠᠰᠠᠷᠠᠵᠤ ᠰᠤᠪᠢᠯᠠᠬᠤ︾ ᠰᠦᠯᠵᠢᠶᠡᠨ ᠥᠷᠲᠡᠭᠡ ᠶᠢ ᠡᠭᠦᠰᠭᠡᠨ ᠪᠠᠶᠢᠭᠤᠯᠤᠭᠴᠢ ᠺᠠᠷᠣᠯᠢᠨ ᠷᠤᠰᠪᠦᠯᠠᠲ ᠠᠴᠠ᠂ ᠨᠠᠰᠤᠳᠠᠶᠢᠴᠤᠳ ᠤᠨ ᠬᠥᠳᠡᠯᠭᠡᠭᠡᠨ ᠨᠢ ᠤᠷᠢᠳ ᠢᠶᠠᠷ ᠠᠯᠬᠤᠬᠤ ᠠᠴᠠ ᠡᠬᠢᠯᠡᠵᠦ ᠪᠣᠯᠤᠨ᠎ᠠ᠂ ᠬᠥᠳᠡᠯᠭᠡᠭᠡᠨ ᠬᠢᠬᠦ ᠠᠴᠠ ᠪᠠᠨ ᠡᠮᠦᠨ᠎ᠡ ᠠᠯᠬᠤᠬᠤ ᠳᠤ ᠵᠤᠷᠢᠭᠤᠯᠤᠨ ᠬᠢᠭᠰᠡᠨ ᠲᠠᠮᠢᠷ ᠤᠨ ᠱᠠᠬᠠᠢ ᠲᠤᠰᠬᠠᠢᠢᠯᠠᠨ ᠬᠤᠳᠠᠯᠳᠤᠨ ᠠᠪᠤᠪᠠᠯ ᠬᠠᠮᠤᠭ ᠰᠠᠶᠢᠨ ᠶᠤᠮ᠃ ᠡᠩ ᠤᠨ ᠦᠶ᠎ᠡ ᠳᠤ ᠲᠠᠮᠢᠷ ᠤᠨ ᠱᠠᠬᠠᠶ ᠪᠠᠨ ᠭᠡᠷ ᠤᠨ ᠡᠭᠦᠳᠡᠨ ᠳᠡᠭᠡᠨ ᠲᠠᠯᠪᠢᠵᠤ᠂ ᠥᠪᠡᠷ ᠤᠨ ᠪᠡᠶ᠎ᠡ ᠳᠡᠭᠡᠨ ᠦᠷᠭᠦᠯᠵᠢ ᠬᠥᠳᠡᠯᠭᠡᠭᠡᠨ ᠬᠢᠬᠦ  ᠬᠡᠷᠡᠭᠲᠡᠶ ᠭᠡᠵᠦ ᠰᠠᠨᠠᠭᠤᠯᠵᠦ ᠪᠠᠶᠢᠭᠠᠷᠠᠢ᠃                2. ᠪᠡᠶ᠎ᠡ ᠪᠠᠨ ᠲᠡᠩᠴᠡᠭᠦᠷᠢᠰᠢᠬᠦᠯᠬᠦ ᠴᠢᠳᠠᠪᠤᠷᠢ ᠪᠠᠨ ᠪᠣᠯᠪᠠᠰᠤᠷᠠᠭᠤᠯᠵᠤ᠂ ᠣᠶᠢᠴᠢᠵᠤ ᠲᠤᠰᠬᠤ ᠠᠴᠠ ᠬᠢᠴᠢᠶᠡᠬᠦ ᠬᠡᠷᠡᠭᠳᠡᠢ᠃ ᠣᠶᠢᠴᠢᠬᠤ ᠲᠤᠰᠬᠤ ᠠᠴᠠ ᠬᠢᠴᠢᠶᠡᠬᠦ ᠬᠠᠮᠤᠭ ᠰᠠᠶᠢᠨ ᠠᠷᠭ᠎ᠠ ᠪᠣᠯ ᠳᠠᠷᠤᠶ ᠲᠡᠩᠴᠡᠭᠦᠷᠢ ᠶᠢᠨ ᠰᠡᠷᠡᠭᠳᠡᠯ ᠰᠠᠶᠢᠳᠠᠢ ᠪᠠᠶᠢᠬᠤ ᠶᠠᠪᠤᠳᠠᠯ ᠪᠣᠯᠤᠨ᠎ᠠ᠃                  3. ᠥᠷᠯᠥᠭᠡ ᠶᠢᠨ ᠬᠤᠭᠤᠯᠠ ᠪᠠᠨ ᠰᠠᠶᠢᠨ ᠢᠳᠡᠵᠦ᠂ ᠰᠢᠮ᠎ᠡ ᠲᠡᠵᠢᠭᠡᠯ ᠢ ᠠᠩᠬᠠᠷᠬᠤ ᠬᠡᠷᠡᠭᠳᠡᠢ᠃ ᠠᠵᠢᠯ ᠳᠠᠭᠠᠨ ᠭᠠᠷᠬᠤ ᠳᠤ ᠥᠷᠯᠥᠭᠡ ᠶᠢᠨ ᠴᠠᠭ ᠲᠤᠯᠭᠠᠮ᠎ᠠ ᠪᠠᠶᠢᠳᠠᠬ ᠠᠴᠠ ᠴᠥᠭᠡᠨ ᠪᠤᠰᠤ ᠬᠥᠮᠥᠨ ᠦᠷᠭᠦᠯᠵᠢ ᠥᠷᠯᠥᠭᠡ ᠶᠢᠨ ᠬᠤᠭᠤᠯᠠ ᠪᠠᠨ ᠡᠪᠯᠡᠭᠦᠯᠦᠨ ᠢᠳᠡᠳᠡᠭ᠂ ᠨᠠᠰᠤᠨ ᠤ ᠠᠮᠠᠷᠠᠯᠲᠠ ᠪᠠᠨ ᠠᠪᠤᠭᠰᠠᠨ ᠤ ᠳᠠᠷᠠᠭ᠎ᠠ  ᠬᠦᠷᠦᠯᠴᠡᠭᠦᠶᠢᠴᠡ ᠴᠠᠭ ᠲᠠᠢ ᠪᠤᠯᠤᠬᠰᠠᠨ ᠪᠤᠯᠬᠤᠷ ᠰᠢᠮ᠎ᠡ ᠲᠡᠵᠢᠭᠡᠯ ᠲᠠᠢ ᠥᠷᠯᠥᠭᠡ ᠶᠢᠨ ᠬᠤᠭᠤᠯᠠ ᠢᠳᠡᠬᠦ ᠶᠢ ᠠᠩᠬᠠᠷᠤᠭᠠᠷᠠᠢ᠃ ᠰᠢᠨ᠎ᠡ ᠰᠣᠷᠭᠤᠭ ᠵᠢᠮᠢᠰ ᠤᠨ ᠵᠦᠢᠯ ᠢ ᠢᠯᠡᠬᠦᠦ ᠢᠳᠡᠬᠦ ᠪᠤᠶᠤ ᠥᠪᠡᠷ ᠢᠶᠠᠨ ᠨᠣᠭᠤᠭ᠎ᠠ ᠵᠢᠮᠢᠰ ᠤᠨ ᠰᠢᠭᠦᠰᠦ ᠰᠢᠬᠠᠨ ᠤᠤᠭᠤᠵᠤ᠂ ᠸᠢᠲ᠋ᠠᠮᠢᠨ᠂ ᠡᠷᠦᠳᠡᠰᠦ ᠪᠣᠯᠤᠨ ᠢᠳᠡᠭᠡᠨ ᠤ ᠰᠢᠷᠬᠡᠭᠯᠢᠭ ᠤᠨ ᠬᠡᠮᠵᠢᠶ᠎ᠡ ᠪᠠᠨ ᠨᠡᠮᠡᠭᠳᠡᠭᠦᠯᠵᠦ ᠪᠠᠶᠢᠭᠠᠷᠠᠢ᠃ ᠥᠷᠯᠥᠭᠡ ᠶᠢᠨ ᠬᠤᠭᠤᠯᠠᠨ ᠳᠤ ᠪᠠᠰᠠ ᠤᠭᠤᠷᠠᠭ ᠠᠭᠤᠯᠤᠬᠳᠠᠬᠤ ᠢᠳᠡᠭᠡᠨ ᠢᠯᠡᠬᠦᠦ ᠢᠳᠡᠬᠦ ᠶᠢ ᠠᠩᠬᠠᠷᠴᠦ᠂ ᠦᠨᠢᠶᠡᠨ ᠰᠦ᠂ ᠪᠤᠷᠴᠠᠭ ᠤᠨ ᠡᠭᠡᠳᠡᠩ᠂ ᠤᠷᠭᠤᠮᠠᠯ ᠤᠨ ᠰᠦ ᠶᠢᠨ ᠳᠣᠲᠣᠷ᠎ᠠ ᠵᠣᠬᠢᠬᠤ ᠬᠡᠮᠵᠢᠶᠡᠨ ᠤ ᠤᠭᠤᠷᠠᠭ ᠤᠨ ᠨᠤᠨᠲᠠᠭ ᠨᠡᠮᠡᠵᠦ ᠤᠤᠭᠤᠵᠤ ᠪᠣᠯᠤᠨ᠎ᠠ᠃ ᠡᠩ ᠤᠨ ᠦᠶ᠎ᠡ ᠳᠡᠭᠡᠨ ᠳᠠᠪᠤᠰᠤ᠂ ᠰᠢᠬᠢᠷ ᠪᠣᠯᠤᠨ ᠥᠭᠡᠬᠦ ᠶᠡᠬᠡᠳᠡᠢ ᠢᠳᠡᠭᠡᠨ ᠢᠳᠡᠬᠦ ᠶᠢ ᠰᠠᠶᠢᠳᠤᠷ ᠬᠢᠴᠢᠶᠡᠵᠦ᠂ ᠰᠢᠬᠢᠷᠯᠢᠭ ᠢᠳᠡᠭᠡᠨ ᠪᠠᠭ᠎ᠠ ᠢᠳᠡᠵᠦ᠂ ᠰᠢᠬᠢᠷ ᠦᠯᠦ ᠠᠭᠤᠯᠤᠬᠳᠠᠬᠤ  ᠰᠦᠳᠡ ᠤᠰᠤ ᠪᠠᠷ ᠰᠢᠬᠢᠷᠯᠢᠭ ᠠᠮᠳᠠᠳᠠᠢ ᠨᠡᠭᠦᠷᠡᠰᠦ ᠬᠦᠴᠢᠯ ᠤᠨ ᠤᠮᠳᠠᠭᠠᠨ ᠢ  ᠣᠷᠣᠯᠠᠭᠤᠯᠬᠤ ᠬᠡᠷᠡᠭᠲᠡᠶ᠃                  4. ᠭᠦᠨ ᠰᠡᠳᠬᠢᠬᠦ ᠶᠢ ᠪᠣᠯᠪᠠᠰᠤᠷᠠᠵᠤ᠂ ᠳᠠᠷᠤᠯᠲᠠ ᠪᠠᠨ ᠬᠦᠡᠭᠭᠡᠷᠡᠬᠦᠯᠬᠦ ᠶᠢ ᠰᠤᠷᠬᠤ ᠬᠡᠷᠡᠭᠳᠡᠢ᠃ ᠢᠳᠡᠷ ᠥᠲᠡᠯᠦᠭᠡ ᠨᠠᠰᠤᠨ ᠤ ᠬᠥᠮᠦᠰ ᠬᠡᠲᠦᠷᠡᠲᠡᠯ᠎ᠡ ᠢᠳᠡᠵᠦ ᠤᠤᠭᠤᠬᠤ᠂ ᠲᠠᠮᠠᠬᠢ ᠲᠠᠲᠠᠬᠤ᠂ ᠠᠷᠢᠬᠢ ᠤᠤᠭᠤᠬᠤ ᠵᠡᠷᠭᠡ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠢ ᠡᠳ᠋ᠯᠡᠵᠦ ᠳᠠᠷᠤᠯᠳᠠ ᠪᠠᠨ ᠬᠦᠡᠭᠭᠡᠷᠡᠬᠦᠯᠵᠦ ᠶᠠᠭᠠᠬᠢᠬᠰᠠᠨ ᠴᠦ ᠪᠣᠯᠬᠤ ᠦᠭᠡᠢ᠂ ᠥᠪᠡᠷ ᠤᠨ ᠪᠡᠶ᠎ᠡ ᠳᠡᠭᠡᠨ ᠲᠣᠬᠢᠷᠠᠭᠰᠠᠨ ᠲᠠᠷᠤᠯᠳᠠ ᠪᠠᠨ ᠬᠦᠡᠭᠭᠡᠷᠡᠬᠦᠯᠬᠦ ᠡᠷᠡᠭᠦᠯ ᠮᠡᠨᠳᠦ ᠶᠢᠨ ᠠᠷᠭ᠎ᠠ ᠶᠢ ᠡᠷᠢᠵᠦ ᠣᠯᠬᠤ ᠬᠡᠷᠡᠭᠲᠡᠶ᠃                  5. ᠬᠦᠴᠦ  ᠲᠠᠮᠢᠷ ᠢᠶᠠᠨ ᠴᠢᠩᠭᠠᠯᠠᠬᠤ ᠪᠣᠯᠪᠠᠰᠤᠷᠠᠯ ᠬᠢᠵᠦ᠂ ᠪᠤᠯᠴᠢᠩ ᠰᠢᠷᠪᠤᠰᠦ ᠪᠠᠨ ᠪᠣᠯᠪᠠᠰᠤᠷᠠᠭᠤᠯᠤᠨ ᠴᠢᠩᠭᠠᠷᠠᠭᠤᠯᠬᠤ ᠬᠡᠷᠡᠭᠳᠡᠢ᠃ ᠦᠷᠭᠦᠯᠵᠢ ᠬᠦᠴᠦ ᠲᠠᠮᠢᠷ ᠢᠶᠠᠨ ᠴᠢᠩᠭᠠᠯᠠᠬᠤ ᠪᠣᠯᠪᠠᠰᠤᠷᠠᠯ ᠬᠢᠬᠦ ᠬᠡᠷᠡᠭᠳᠡᠢ᠃ ᠵᠢᠱᠢᠶᠡᠯᠡᠪᠡᠯ ᠪᠡᠶ᠎ᠡ ᠶᠢᠨ ᠬᠦᠨᠳᠦᠴᠡ ᠳᠡᠭᠡᠨ ᠲᠤᠬᠢᠷᠠᠭᠤᠯᠤᠨ ᠡᠷᠭᠦᠭᠦᠯ ᠲᠡᠮᠦᠷ᠂ ᠲᠦᠯᠡᠢ ᠲᠡᠮᠦᠷ ᠡᠷᠬᠦᠬᠦᠯ ︵ᠶᠠᠯᠢᠩ︶ ᠂ ᠪᠤᠯᠪᠠᠰᠤᠷᠠᠯ ᠤᠨ ᠬᠠᠮ ᠪᠠᠭᠠᠵᠢ ᠪᠠᠷ ᠬᠦᠴᠦ ᠲᠠᠮᠢᠷ ᠢᠶᠠᠨ ᠪᠤᠯᠪᠠᠰᠤᠷᠠᠭᠤᠯᠪᠡᠯ ᠪᠤᠯᠴᠢᠩ ᠰᠢᠷᠪᠤᠰᠤ ᠪᠠᠨ ᠴᠢᠩᠭᠠᠯᠠᠬᠤ ᠳᠤ ᠲᠤᠰᠠᠳᠠᠢ ᠶᠤᠮ᠃                6. ᠭᠠᠵᠠᠷ ᠤᠨ ᠭᠠᠳᠠᠷᠭᠤ ᠲᠠᠢ ᠣᠶᠢᠷᠠᠳᠬᠤ ᠪᠣᠯᠪᠠᠰᠤᠷᠠᠯ ᠢ ᠢᠯᠡᠭᠦᠬᠡᠨ ᠬᠢᠬᠦ ᠬᠡᠷᠡᠭᠲᠡᠶ᠃ ᠨᠠᠰᠤᠲᠠᠶᠢᠴᠤᠳ ᠭᠠᠵᠠᠷ ᠳᠡᠭᠡᠷ᠎ᠡ ᠦᠷᠭᠦᠯᠵᠢ ︽ᠰᠥᠭᠦᠳᠬᠦ — ᠰᠠᠭᠤᠬᠤ — ᠪᠣᠰᠴᠤ ᠵᠣᠭᠰᠣᠬᠤ︾ ᠬᠦᠳᠡᠯᠭᠡᠭᠡᠨ ᠢ ᠬᠢᠪᠡᠯ ᠬᠥᠯ ᠤᠨ ᠪᠤᠯᠴᠢᠩ ᠤᠨ ᠬᠦᠴᠦ ᠪᠠ ᠦᠶ᠎ᠡ ᠭᠡᠰᠢᠬᠦᠦ ᠶᠢᠨ ᠤᠶᠠᠨ ᠬᠠᠲᠠᠨ ᠴᠢᠨᠠᠷ ᠢᠶᠠᠨ ᠳᠡᠭᠡᠭᠰᠢᠯᠡᠭᠦᠯᠵᠦ ᠪᠣᠯᠤᠨ᠎ᠠ ᠃                  7. ᠬᠤᠷᠳᠤᠴᠠ ᠪᠠᠨ ᠪᠤᠯᠪᠠᠰᠤᠷᠠᠭᠤᠯᠬᠤ ᠬᠡᠷᠡᠭᠳᠡᠢ᠃ ᠠᠩᠭ᠍ᠯᠢ ᠤᠯᠤᠰ ᠤᠨ ᠨᠢᠭᠡᠨ ᠰᠤᠳᠤᠯᠭᠠᠨ ᠳᠤ᠂ ᠥᠲᠥᠨ ᠪᠥᠮᠪᠦᠭᠡ᠂ ᠫᠢᠩᠫᠠᠩ ᠪᠥᠮᠪᠦᠭᠡ᠂ ᠲᠣᠣᠷ ᠤᠨ ᠪᠥᠮᠪᠦᠭᠡ ᠶᠢᠨ ᠲᠠᠮᠢᠷᠴᠢᠳ ᠤᠨ ᠳᠤᠮᠳᠠᠴᠢ ᠨᠠᠰᠤᠨ ᠬᠤᠲᠤᠭ ᠨᠢ ᠬᠠᠮᠤᠭ ᠤᠨ ᠣᠷᠳᠣ ᠪᠠᠶᠢᠳᠠᠭ ᠢ ᠢᠯᠡᠷᠡᠬᠦᠯᠵᠡᠢ᠂ ᠤᠴᠢᠷ ᠨᠢ ᠡᠳᠡᠭᠡᠷ ᠬᠥᠳᠡᠯᠭᠡᠭᠡᠨ ᠨᠢ ᠪᠡᠶ᠎ᠡ ᠮᠠᠬᠠᠪᠣᠳ ᠤᠨ ᠵᠢᠷᠦᠬᠡ  ᠠᠭᠤᠰᠬᠢᠨ ᠤ ᠲᠡᠰᠪᠦᠷᠢ ᠶᠢᠨ ᠬᠡᠮᠵᠢᠶ᠎ᠡ᠂ ᠬᠦᠴᠦ ᠴᠢᠳᠠᠯ᠂ ᠬᠤᠷᠳᠤᠴᠠ ᠵᠣᠬᠢᠴᠠᠩᠭᠤᠶ ᠴᠢᠨᠠᠷ᠂ ᠤᠶᠠᠨ ᠬᠠᠲᠠᠨ ᠴᠢᠨᠠᠷ᠂ ᠲᠡᠩᠴᠡᠭᠦᠷᠢ᠂ ᠬᠤᠷᠴᠠ ᠱᠠᠯᠠᠮᠠᠭᠠᠢ ᠪᠠᠶᠢᠬᠤ ᠵᠡᠷᠭᠡ ᠶᠢ ᠪᠦᠬᠦ ᠲᠠᠯ᠎ᠠ ᠪᠠᠷ ᠪᠤᠯᠪᠠᠰᠤᠷᠠᠭᠤᠯᠤᠨ ᠴᠢᠩᠭᠠᠯᠠᠳᠠᠬ᠃ ᠡᠭᠦᠨ ᠤ ᠬᠠᠮᠲᠤ᠂ ᠥᠲᠥᠨ ᠪᠥᠮᠪᠦᠭᠡ᠂ ᠫᠢᠩᠫᠠᠩ ᠪᠥᠮᠪᠦᠭᠡ᠂ ᠲᠣᠣᠷ ᠤᠨ ᠪᠥᠮᠪᠦᠭᠡ ᠶᠢᠨ ᠬᠦᠳᠡᠯᠭᠡᠭᠡᠨ ᠨᠢ ᠪᠠᠰᠠ ᠨᠡᠶᠢᠭᠡᠮ ᠤᠨ ᠬᠠᠷᠢᠯᠴᠠᠭᠠᠨ ᠤ ᠴᠢᠳᠠᠮᠵᠢ ᠪᠠᠷ ᠰᠠᠶᠢᠨ᠂ ᠰᠣᠨᠢᠷᠬᠠᠯᠲᠤ ᠴᠢᠨᠠᠷ ᠢᠶᠠᠷ ᠴᠢᠩᠭ᠎ᠠ ᠪᠠᠶᠢᠳᠠᠬ ᠪᠤᠯᠬᠤᠷ ᠬᠥᠮᠦᠰ ᠤᠷᠳᠤ ᠬᠤᠭᠤᠴᠠᠭ᠎ᠠ ᠪᠠᠷ ᠡᠨᠡᠬᠦ ᠬᠥᠳᠡᠯᠭᠡᠭᠡᠨ ᠢ ᠬᠢᠵᠦ ᠪᠤᠯᠤᠨ᠎ᠠ᠃                  8. ᠪᠡᠶ᠎ᠡ ᠳᠡᠭᠡᠨ ᠢᠲᠡᠭᠡᠯ ᠲᠠᠢ ᠪᠠᠶᠢᠬᠤ ᠬᠡᠷᠡᠭᠲᠡᠢ᠃ ︽ᠨᠤᠭᠤᠷᠠᠯ  ᠪᠦᠳᠦᠷᠢᠯ ᠳᠤ ᠲᠤᠯᠭᠠᠷᠠᠬᠤ ᠦᠶ᠎ᠡ ᠳᠤ᠂ ᠬᠥᠮᠥᠰ ᠪᠡᠶ᠎ᠡ ᠪᠠᠨ ᠬᠠᠮᠤᠭ ᠠᠴᠠ ᠢᠯᠡᠭᠦᠦ ᠢᠲᠡᠭᠡᠬᠦ ᠬᠡᠷᠡᠭᠳᠡᠢ︾᠃  ᠡᠨᠡ ᠪᠤᠯ71 ᠨᠠᠰᠤᠲᠠᠢ ᠵᠣᠬᠢᠶᠠᠯᠴᠢ ᠱᠠᠯᠠᠩ ᠺᠡᠲ᠋ᠤᠯ ᠤᠨ ᠰᠡᠳᠬᠢᠴᠡ ᠶᠢᠨ ᠡᠮᠴᠢᠯᠡᠭᠡ ᠬᠢᠯᠭᠡᠭᠰᠡᠨ ᠤ ᠳᠠᠷᠠᠭ᠎ᠠ ᠤᠯᠤᠬᠰᠠᠨ ᠳᠦᠷᠦᠭᠲᠡᠯ ᠶᠤᠮ᠃ ᠲᠡᠷᠡ᠄ ︽ᠬᠥᠮᠦᠰ ᠪᠡᠶ᠎ᠡ ᠳᠡᠭᠡᠨ ᠢᠳᠡᠭᠡᠯ ᠲᠠᠢ ᠬᠦᠮᠦᠨ ᠤ ᠬᠠᠵᠠᠭᠤ ᠳᠤ ᠪᠠᠶᠢᠬᠤ ᠲᠤᠷᠠᠳᠠᠢ︾ ᠬᠡᠵᠦ ᠬᠡᠯᠡᠪᠡ᠃                9. ᠬᠠᠷᠠᠯᠲᠠ ᠲᠣᠭᠲᠠᠭᠠᠬᠤ ᠮᠦᠷᠳᠡᠭᠡᠨ ᠬᠠᠷᠠᠯᠳᠠ ᠪᠠᠨ ᠪᠡᠶᠡᠯᠡᠭᠦᠯᠬᠦ ᠬᠡᠷᠡᠭᠳᠡᠢ᠃ ᠥᠪᠡᠷ ᠤᠨ ᠪᠡᠶ᠎ᠡ ᠳᠡᠭᠡᠨ ᠤᠳᠬ᠎ᠠ ᠠᠭᠤᠯᠭ᠎ᠠ ᠲᠠᠢ ᠲᠥᠯᠥᠪᠯᠡᠭᠡ ᠶᠢ ᠲᠣᠭᠲᠠᠭᠠᠬᠤ ᠪᠥᠭᠡᠳ ᠲᠡᠭᠦᠨ ᠢᠶᠠᠨ ᠪᠡᠶᠡᠯᠡᠭᠦᠯᠬᠦ ᠬᠡᠷᠡᠭᠲᠡᠶ᠃    10. ᠥᠪᠡᠷ ᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ᠃ ᠶᠡᠷᠦ ᠶᠢᠨ ᠦᠭᠡᠨ ᠳᠤ ᠥᠲᠡᠯᠲᠡᠯ᠎ᠡ ᠪᠠᠨ ᠰᠤᠷᠤᠨ᠎ᠠ ᠭᠡᠵᠦ ᠬᠡᠯᠡᠳᠡᠭ ᠪᠢᠰᠢᠦ᠃
 
ᠢᠷᠡᠯᠲᠡ᠄ ᠪᠣᠭᠤᠲᠣ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号